ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠶᠣᠯ ᠵᠢᠭᠤᠯᠴᠢᠯᠠᠯ
ᠰᠣᠶᠣᠯ ᠡᠷᠳᠡᠨᠢ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2021 ᠣᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠭᠤᠤᠯᠳᠠᠯᠭ᠎ᠠ》 ᠵᠢᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2021-07-05

       ᠨᠢᠭᠡ᠂ ᠶᠠᠭᠤᠨ᠎ᠳᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠭᠤᠤᠯᠳᠠᠯᠭ᠎ᠠ ᠵᠢ ᠲᠣᠭᠲᠠᠭ᠋ᠠᠬᠤ ᠬᠡᠷᠡᠭᠲᠡᠶ ᠪᠣᠶ?
      ᠣᠶ᠋ᠢᠷ᠎ᠠ ᠵᠢᠨ ᠵᠢᠯ᠎ᠤᠳ᠎ᠲᠤ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠎ᠤᠨ ᠵᠢᠯ ᠵᠶ᠋ᠠᠷ ᠨᠢᠭᠡᠴᠢ ᠪᠣᠯᠭ᠋ᠠᠵᠤ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠭᠤᠤᠯᠳᠠᠯᠭ᠎ᠠ ᠵᠢ ᠳᠠᠷᠤᠮᠠᠯᠯᠠᠨ ᠲᠠᠷᠬᠠᠭ᠋ᠠᠬᠤ᠎ᠪᠠᠷ ᠳᠠᠮᠵᠢᠭᠤᠯᠤᠨ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠪᠥᠬᠦ ᠲᠠᠯ᠎ᠠ ᠵᠢᠨ ᠦᠨᠳᠦᠷᠴᠡ᠎ᠠᠴᠠ ᠲᠤᠬᠢᠷᠠᠭᠤᠯᠤᠨ ᠪᠠᠶ᠋ᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠠᠴᠠ ᠤᠯᠤᠰ᠎ᠤᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠭᠤᠤᠯᠳᠠᠯᠭ᠎ᠠ ᠵᠢ ᠦᠨᠳᠦᠰᠦᠯᠡᠨ᠂ ᠪᠣᠳᠠᠲᠠᠶ᠎ᠲᠠᠢ᠎ᠪᠠᠨ ᠤᠶᠠᠯᠳᠤᠭᠤᠯᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠭᠤᠤᠯᠳᠠᠯᠭ᠎ᠠ ᠵᠢ ᠲᠤᠭᠲᠠᠭ᠋ᠠᠪᠠ᠃ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠭᠤᠤᠯᠳᠠᠯᠭ᠎ᠠ᠎ᠨᠢ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠪᠥᠬᠦ ᠵᠢᠯ᠎ᠤᠨ ᠠᠵᠢᠯ᠎ᠢ ᠰᠠᠶ᠋ᠢᠲᠤᠷ ᠬᠢᠬᠦ ᠵᠢᠨ ᠶᠡᠷᠦᠩᠬᠡᠶ ᠱᠠᠭ᠋ᠠᠷᠳᠠᠯᠭ᠎ᠠ ᠪᠣᠯᠬᠤ᠎ᠪᠠᠷ ᠪᠠᠷᠠᠬᠤ ᠥᠬᠡᠶ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠠᠬᠢᠭᠤᠯᠬᠤ ᠪᠣᠳᠠᠲᠠᠶ ᠭᠠᠷᠳᠠᠴᠠ ᠪᠠᠶ᠋ᠢᠵᠤ᠂ ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠡᠭᠦᠷᠭᠡ ᠵᠢ ᠨᠠᠶ᠋ᠢᠳᠠᠪᠤᠷᠢᠵᠢᠭᠤᠯᠵᠤ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠃
      ᠬᠤᠶᠠᠷ᠂ ᠡᠨᠡ ᠵᠢᠯ᠎ᠤᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠭᠤᠤᠯᠳᠠᠯᠭ᠎ᠠ᠎ᠨᠢ ᠶᠠᠮᠠᠷ ᠶᠠᠮᠠᠷ ᠠᠵᠢᠯ᠎ᠳᠤ ᠪᠣᠳᠠᠲᠠᠶ ᠲᠣᠬᠢᠷᠠᠭᠤᠯᠤᠯᠲᠠ ᠬᠢᠭᠰᠡᠨ ᠪᠣᠶ?
      ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠭᠦᠨᠵᠡᠭᠡᠶ᠋ᠢᠷᠡᠭᠦᠯᠬᠦ ᠲᠠᠯ᠎ᠠ᠎ᠪᠠᠷ᠂ ᠠᠵᠤ ᠠᠬᠤᠢ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ᠂ ᠤᠯᠤᠰ᠎ᠤᠨ ᠭᠠᠵᠠᠷ ᠰᠢᠷᠤᠢ ᠵᠢᠨ ᠣᠷᠣᠨ ᠵᠠᠢ ᠵᠢᠨ ᠲᠥᠯᠥᠪᠵᠢᠭᠦᠯᠭᠡ᠂ ᠲᠤᠰᠬᠠᠢ ᠵᠦᠢ᠍ᠯ᠎ᠤᠨ ᠲᠥᠯᠥᠪᠵᠢᠭᠦᠯᠭᠡ ᠪᠠ ᠣᠷᠣᠨ ᠪᠦᠰᠡ ᠵᠢᠨ ᠲᠥᠯᠥᠪᠵᠢᠭᠦᠯᠭᠡ ᠵᠢ ᠢᠯᠡ ᠪᠣᠯᠭ᠋ᠠᠬᠤ ᠡᠷᠴᠢᠮ᠎ᠢ ᠴᠢᠩᠭ᠋ᠠᠳᠬᠠᠵᠤ᠂ ᠲᠡᠦᠬᠡ ᠵᠢᠨ ᠲᠥᠯᠥᠪᠵᠢᠭᠦᠯᠭᠡ (ᠲᠥᠯᠥᠪᠯᠡᠭᠡ) ᠵᠢ ᠲᠥᠪᠯᠡᠷᠡᠭᠦᠯᠦᠨ ᠨᠢᠭᠡᠳᠦᠯᠲᠡᠢ ᠢᠯᠡ ᠪᠣᠯᠭ᠋ᠠᠬᠤ ᠵᠢ ᠰᠠᠶ᠋ᠢᠲᠤᠷ ᠬᠢᠬᠦ ᠬᠡᠷᠡᠭᠲᠡᠢ ᠭᠡᠵᠦ ᠳᠤᠳᠤᠷᠬᠠᠶ᠋ᠢᠯᠠᠪᠠ; ᠠᠵᠢᠯ ᠣᠯᠭᠤᠯᠲᠠ᠂ ᠰᠤᠷᠭ᠋ᠠᠨ ᠬᠥᠮᠦᠵᠢᠯ᠂ ᠡᠮᠴᠢᠯᠡᠭᠡ᠂ ᠨᠠᠰᠤᠵᠢᠯ᠎ᠤᠨ ᠠᠰᠠᠷᠠᠮᠵᠢ᠂ ᠭᠠᠵᠠᠷ ᠰᠢᠷᠣᠶ ᠲᠠᠲᠠᠪᠤᠷᠢᠯᠠᠬᠤ᠂ ᠣᠯᠠᠨ ᠨᠡᠶ᠋ᠢᠲᠡ ᠵᠢᠨ ᠰᠣᠶᠣᠯ ᠵᠡᠷᠭᠡ ᠬᠦᠷᠢᠶᠡᠨ᠎ᠳᠠᠬᠢ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠢ ᠳᠤᠪᠤᠶ᠋ᠢᠯᠭ᠋ᠠᠨ ᠰᠠᠶ᠋ᠢᠲᠤᠷ ᠬᠢᠵᠦ᠂ ᠨᠡᠶ᠋ᠢᠭᠡᠮ᠎ᠤᠨ ᠣᠯᠠᠨ ᠨᠡᠶ᠋ᠢᠲᠡ ᠵᠢᠨ ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ ᠴᠢᠬᠤᠯᠠ ᠬᠠᠯᠠᠮᠰᠢᠯ ᠠᠰᠠᠭᠤᠳᠠᠯ᠎ᠳᠤ ᠭᠤᠤᠯᠳᠠᠯᠭ᠎ᠠ᠎ᠲᠠᠢ᠎ᠪᠠᠷ ᠰᠠᠶ᠋ᠢᠳᠤᠷ ᠬᠠᠷᠢᠭᠤ ᠲᠤᠰᠬᠠᠬᠤ ᠬᠡᠷᠡᠭᠲᠡᠶ ᠭᠡᠵᠦ ᠲᠣᠳᠣᠷᠬᠠᠶ᠋ᠢᠯᠠᠪᠠ; ᠪᠥᠬᠦ ᠣᠷᠣᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠣᠨᠣᠪᠴᠢᠲᠠᠶ ᠲᠤᠭᠤᠰᠢᠯᠠᠭᠤᠯᠵᠦ᠂ ᠦᠢ᠍ᠯᠡᠴᠢᠯᠡᠭᠡᠨ᠎ᠤ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠨᠠᠷᠢᠯᠢᠭᠵᠢᠭᠤᠯᠤᠨ᠂ 《ᠳᠦᠷᠪᠡ ᠵᠢ ᠬᠦᠢ᠍ᠴᠡᠳᠭᠡᠬᠦ》 ᠠᠵᠢᠯ (《ᠮᠥᠩᠬᠡ ᠰᠤᠪᠠᠭ · ᠨᠢᠭᠡ ᠰᠦᠯᠵᠢᠶ᠎ᠡ᠎ᠪᠠᠷ ᠬᠦᠢ᠍ᠴᠡᠳᠬᠡᠬᠦ》᠂ 《ᠮᠥᠩᠬᠡ ᠰᠤᠪᠠᠭ · ᠠᠯᠠᠭ᠋ᠠᠨ ᠳᠡᠭᠡᠷ᠎ᠡ᠎ᠪᠠᠨ ᠬᠦᠢ᠍ᠴᠡᠳᠬᠡᠬᠦ》᠂ 《ᠮᠥᠩᠬᠡ ᠰᠤᠪᠠᠭ · ᠨᠢᠭᠡ ᠯᠠ ᠤᠳᠠᠭ᠎ᠠ᠎ᠪᠠᠷ ᠬᠦᠢ᠍ᠴᠡᠳᠬᠡᠬᠦ》 《ᠮᠥᠩᠬᠡ ᠰᠤᠪᠠᠭ · ᠲᠠᠨ᠎ᠳᠤ ᠬᠠᠪᠰᠤᠷᠤᠨ ᠬᠦᠢ᠍ᠴᠡᠳᠬᠡᠬᠦ》)᠎ᠢ ᠠᠬᠢᠭᠤᠯᠬᠤ ᠵᠢᠨ ᠲᠣᠭᠤᠷᠢᠨ᠎ᠳᠤ᠂ 《12345》 ᠬᠠᠯᠠᠮᠰᠢᠯ ᠤᠲᠠᠰᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠭᠠᠵᠠᠷ ᠪᠠ ᠵᠠᠰᠠᠭ᠎ᠤᠨ ᠣᠷᠳᠣᠨ᠎ᠤ ᠰᠦᠯᠵᠢᠶ᠎ᠡ᠎ᠳᠤ ᠲᠦᠰᠢᠭᠯᠡᠨ᠂ ᠠᠵᠤ ᠠᠬᠤᠶ᠋ᠢᠯᠠᠯ ᠪᠠ ᠣᠯᠠᠨ ᠲᠦᠮᠡᠨ᠎ᠳᠤ 《ᠨᠢᠭᠡ ᠦᠷᠲᠡᠭᠡ ᠮᠠᠶᠢᠭ》᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠦᠢ᠍ᠯᠡᠴᠢᠯᠡᠭᠡ ᠬᠠᠩᠭ᠋ᠠᠬᠤ ᠬᠡᠷᠡᠭᠲᠡᠶ ᠭᠡᠵᠦ ᠲᠣᠳᠣᠷᠬᠠᠶ᠋ᠢᠯᠠᠪᠠ; ᠡᠳ᠋᠎ᠤᠨ ᠵᠠᠰᠠᠭ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠴᠢᠩᠭ᠋ᠠᠳᠬᠠᠵᠤ᠂ ᠲᠥᠰᠦᠪ ᠪᠠ ᠲᠥᠰᠦᠪ᠎ᠤᠨ ᠭᠦᠢ᠍ᠴᠡᠳᠬᠡᠯ᠎ᠢ ᠢᠯᠡ ᠪᠣᠯᠭ᠋ᠠᠬᠤ ᠬᠡᠪᠴᠢᠶ᠎ᠡ ᠵᠢ ᠲᠣᠭᠲᠠᠭᠤᠨ ᠵᠶ᠋ᠠᠷ ᠥᠷᠭᠡᠳᠬᠡᠵᠦ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠭᠴᠡᠭᠡ ᠵᠢᠴᠢ ᠰᠢᠭᠤᠳ ᠬᠦᠷᠭᠡᠬᠦ ᠪᠡᠯᠡ ᠮᠥᠩᠭᠦ ᠵᠢᠨ ᠬᠢᠨᠠᠨ ᠬᠠᠮᠢᠶᠠᠷᠤᠯᠲᠠ ᠵᠢᠨ ᠲᠤᠬᠠᠢ ᠲᠣᠭᠲᠠᠭ᠋ᠠᠯ᠎ᠢ ᠬᠢᠨᠠᠮᠠᠭ᠋ᠠᠢ ᠨᠠᠶ᠋ᠢᠳᠠᠪᠤᠷᠢᠵᠢᠭᠤᠯᠬᠤ ᠬᠡᠷᠡᠭᠳᠡᠢ ᠭᠡᠵᠦ ᠲᠣᠳᠣᠷᠬᠠᠶ᠋ᠢᠯᠠᠪᠠ; ᠪᠠᠶ᠋ᠢᠩᠭᠤᠴᠢᠯᠠᠭᠰᠠᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠱᠠᠲᠤᠴᠢ ᠴᠢᠨᠠᠷᠲᠠᠶ ᠣᠨᠴᠠᠯᠢᠭ ᠪᠠ ᠱᠠᠭ᠋ᠠᠷᠳᠠᠯᠭ᠎ᠠ ᠵᠢ ᠣᠨᠣᠪᠴᠢᠲᠠᠶ ᠡᠵᠡᠮᠳᠡᠵᠦ᠂ 《ᠬᠥᠮᠦᠨ》᠂ 《ᠪᠣᠳᠠᠰ》᠎ᠢ ᠵᠡᠷᠭᠡ᠎ᠪᠠᠷ ᠰᠡᠷᠭᠡᠶ᠋ᠢᠯᠡᠬᠦ ᠵᠢ ᠪᠠᠷᠢᠮᠲᠠᠯᠠᠨ᠂ ᠬᠢᠵᠢᠭ᠎ᠤᠨ ᠪᠠᠶ᠋ᠢᠳᠠᠯ᠎ᠤᠨ ᠳᠡᠯᠭᠡᠷᠡᠨ ᠲᠠᠷᠬᠠᠬᠤ᠂ ᠲᠤᠰᠠᠭ᠋ᠠᠷᠯᠠᠨ ᠰᠠᠯᠭ᠋ᠠᠵᠦ ᠬᠠᠮᠢᠶᠠᠷᠤᠨ ᠡᠵᠡᠮᠳᠡᠬᠦ᠂ ᠬᠢᠵᠢᠭ ᠬᠠᠯᠳᠠᠪᠤᠷᠢᠯᠠᠭᠴᠢ ᠵᠢ ᠮᠦᠷᠳᠡᠨ ᠤᠬᠤᠴᠢᠯᠠᠬᠤ᠂ ᠤᠨᠤᠪᠴᠢᠲᠠᠢ ᠰᠡᠷᠭᠡᠶ᠋ᠢᠯᠡᠨ ᠡᠵᠡᠮᠳᠡᠬᠦ᠂ ᠬᠦᠢ᠍ᠲᠡᠨ ᠬᠦᠯᠳᠡᠭᠦᠦ ᠪᠠᠷᠠᠭ᠋ᠠᠨ᠎ᠤ ᠭᠦᠢ᠍ᠯᠭᠡᠭᠡ᠂ ᠠᠮᠠᠷᠠᠯᠲᠠ ᠵᠢᠨ ᠬᠤᠭᠤᠴᠠᠭ᠋ᠠᠨ᠎ᠤ ᠬᠥᠮᠦᠰ᠎ᠤᠨ ᠨᠡᠭᠦᠳᠠᠯ ᠵᠡᠷᠭᠡ ᠲᠠᠯ᠎ᠠ ᠵᠢᠨ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠢ ᠭᠤᠤᠯᠳᠠᠯᠭ᠎ᠠ᠎ᠲᠠᠢ ᠰᠠᠶ᠋ᠢᠲᠤᠷ ᠬᠢᠵᠦ᠂ ᠸᠠᠺᠼᠢᠨ᠎ᠤ ᠲᠠᠷᠢᠯᠭ᠎ᠠ ᠵᠢᠨ ᠮᠡᠳᠡᠭᠡ ᠵᠠᠩᠭᠢ ᠵᠢ ᠢᠯᠡ ᠪᠣᠯᠭ᠋ᠠᠬᠤ ᠪᠠ ᠶᠠᠷᠢᠶ᠎ᠠ ᠬᠡᠯᠡᠯᠴᠡᠭᠡ ᠵᠢ ᠬᠥᠲᠥᠯᠥᠨ ᠵᠢᠯᠣᠭᠤᠳᠬᠤ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠬᠦ ᠬᠡᠷᠡᠭᠲᠡᠶ ᠭᠡᠵᠦ ᠲᠣᠳᠣᠷᠬᠠᠶ᠋ᠢᠯᠠᠪᠠ᠃
      ᠲᠠᠶ᠋ᠢᠯᠤᠮᠵᠢ ᠬᠢᠵᠦ ᠬᠠᠷᠢᠭᠤ ᠲᠤᠰᠬᠠᠬᠤ ᠲᠠᠯ᠎ᠠ᠎ᠪᠠᠷ᠂ ᠪᠥᠬᠦ ᠣᠷᠣᠨ᠎ᠤ ᠠᠵᠤ ᠠᠬᠤᠶ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠪᠣᠯᠤᠨ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠤᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠤᠷᠢᠶᠠᠨ᠎ᠤ ᠥᠪᠥᠷ ᠮᠣᠩᠭᠤᠯ᠎ᠤᠨ ᠲᠤᠬᠠᠶ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠶᠣᠰᠣᠭ᠋ᠠᠷ᠂ ᠴᠢᠬᠤᠯᠠ ᠶᠡᠭᠡ ᠲᠥᠷᠥ ᠵᠢᠨ ᠪᠣᠳᠣᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ ᠲᠠᠶ᠋ᠢᠯᠤᠮᠵᠢ ᠬᠢᠵᠦ ᠬᠠᠷᠢᠭᠤ ᠲᠤᠰᠬᠠᠬᠤ ᠠᠵᠢᠯ᠎ᠢ ᠭᠦᠨᠵᠡᠭᠡᠶ ᠥᠷᠨᠢᠭᠦᠯᠬᠦ ᠬᠡᠷᠡᠭᠲᠡᠶ ᠭᠡᠵᠦ ᠳᠤᠳᠤᠷᠬᠠᠶ᠋ᠢᠯᠠᠪᠠ; ᠲᠥᠷᠥ ᠵᠢᠨ ᠪᠣᠳᠣᠯᠭ᠎ᠠ ᠵᠢᠨ ᠠᠭᠤᠯᠤᠭᠳᠠᠬᠤᠨ᠎ᠢ ᠢᠯᠡ ᠲᠣᠳᠣ ᠲᠠᠶ᠋ᠢᠯᠪᠤᠷᠢᠯᠠᠵᠤ᠂ ᠳᠡᠯᠭᠡᠷᠡᠭᠦᠯᠦᠨ ᠤᠬᠠᠭᠤᠯᠬᠤ᠎ᠳᠤ ᠲᠥᠬᠦᠮ ᠦᠵᠡᠬᠦᠯᠬᠦ᠎ᠪᠠᠷ ᠵᠠᠷᠴᠢᠮ ᠪᠣᠯᠭ᠋ᠠᠵᠤ᠂ ᠰᠣᠨᠢᠨ ᠮᠡᠳᠡᠭᠡ ᠨᠡᠶ᠋ᠢᠲᠡᠯᠡᠬᠦ ᠬᠤᠷᠠᠯ᠂ ᠲᠥᠷᠥ ᠵᠢᠨ ᠪᠣᠳᠣᠯᠭ᠎ᠠ ᠵᠢᠨ ᠵᠤᠷᠰᠢᠯᠲᠤ ᠬᠤᠷᠠᠯ᠂ ᠵᠢᠷᠤᠭ ᠵᠶ᠋ᠠᠷ ᠦᠵᠡᠬᠦᠯᠵᠦ ᠵᠢᠷᠤᠭ ᠵᠶ᠋ᠠᠷ ᠲᠠᠶ᠋ᠢᠯᠪᠤᠷᠢ ᠬᠢᠬᠦ᠂ ᠠᠬᠤᠶ ᠲᠠᠯᠠᠪᠠᠶ ᠵᠢᠨ ᠦᠵᠡᠭᠦᠯᠭᠡ᠂ ᠺᠠᠷᠲ᠋ᠣᠨ᠂ ᠲᠤᠰᠬᠠᠶ ᠮᠡᠷᠭᠡᠵᠢᠯᠲᠡᠨ᠎ᠤ ᠰᠤᠷᠪᠤᠯᠵᠢᠯᠠᠭ᠎ᠠ᠂ ᠣᠬᠤᠷ ᠸᠢᠳᠢᠣ᠋ ᠵᠡᠷᠭᠡ ᠣᠯᠠᠨ ᠡᠰᠢᠵᠢᠭᠰᠡᠨ ᠲᠠᠶ᠋ᠢᠯᠤᠮᠵᠢ ᠵᠢᠨ ᠬᠡᠯᠪᠡᠷᠢ ᠵᠢ ᠶᠡᠷᠦᠩᠬᠡᠶ᠋ᠢᠯᠡᠨ ᠰᠣᠩᠭᠤᠨ ᠬᠡᠷᠡᠭᠯᠡᠵᠦ᠂ ᠲᠥᠷᠥ ᠵᠢᠨ ᠪᠣᠳᠣᠯᠭ᠎ᠠ ᠵᠢ ᠤᠯᠠᠮᠵᠢᠯᠠᠨ ᠳᠡᠯᠭᠡᠷᠡᠭᠦᠯᠬᠦ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠶ ᠭᠡᠵᠦ ᠲᠣᠳᠣᠷᠬᠠᠶ᠋ᠢᠯᠠᠪᠠ᠃ ᠡᠭᠦᠨ᠎ᠤ ᠬᠠᠮᠲᠤ᠂ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠶᠠᠪᠤᠴᠠ᠎ᠳᠤ ᠡᠭᠦᠰᠦᠭᠰᠡᠨ ᠰᠢᠨ᠎ᠡ ᠪᠠᠶ᠋ᠢᠳᠠᠯ᠂ ᠰᠢᠨ᠎ᠡ ᠠᠰᠠᠭᠤᠳᠠᠯ᠎ᠳᠤ ᠴᠢᠭᠯᠡᠭᠦᠯᠦᠨ᠂ ᠬᠤᠶᠠᠳᠠᠬᠢ ᠤᠳᠠᠭ᠎ᠠ ᠲᠠᠶ᠋ᠢᠯᠤᠮᠵᠢ ᠬᠢᠬᠦ᠂ ᠮᠥᠷᠳᠡᠨ ᠲᠠᠶ᠋ᠢᠯᠤᠮᠵᠢ ᠬᠢᠬᠦ ᠵᠢ ᠥᠷᠨᠢᠭᠦᠯᠵᠦ᠂ ᠪᠢᠴᠢᠭ ᠮᠠᠲ᠋ᠧᠷᠢᠶᠠᠯ ᠨᠠᠶ᠋ᠢᠷᠠᠭᠤᠯᠤᠨ ᠲᠤᠭᠤᠷᠪᠢᠬᠤ ᠨᠢᠭᠡᠴᠢ ᠵᠢᠨ ᠲᠠᠶ᠋ᠢᠯᠤᠮᠵᠢ ᠬᠢᠬᠦ ᠪᠠᠶ᠋ᠢᠭᠤᠯᠤᠮᠵᠢ᠂ ᠲᠠᠶ᠋ᠢᠯᠦᠮᠵᠢ ᠬᠢᠭᠴᠢ᠂ ᠬᠠᠷᠢᠯᠴᠠᠬᠤ ᠤᠲᠠᠰᠤ ᠵᠡᠷᠭᠡ ᠵᠢ ᠢᠵᠢᠯ ᠠᠯᠬᠤᠮ ᠵᠶ᠋ᠠᠷ ᠢᠯᠡ ᠪᠣᠯᠭ᠋ᠠᠬᠤ ᠵᠢ ᠵᠣᠷᠢᠭᠵᠢᠭᠤᠯᠵᠤ᠂ ᠲᠠᠶ᠋ᠢᠯᠦᠮᠵᠢ ᠬᠢᠵᠦ ᠬᠠᠷᠢᠭᠤ ᠲᠤᠰᠬᠠᠬᠤ ᠵᠢ ᠪᠠᠶ᠋ᠢᠩᠭᠤᠴᠢᠯᠠᠬᠤ ᠵᠢ ᠠᠬᠢᠭᠤᠯᠬᠤ ᠬᠡᠷᠡᠭᠲᠡᠶ; 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠭᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠳᠡᠰ ᠳᠠᠷᠠᠭ᠋ᠠᠯᠠᠯ᠎ᠤᠨ ᠲᠣᠭᠲᠠᠭ᠋ᠠᠯ》᠎ᠢ ᠴᠢᠩᠭ᠎ᠠ ᠨᠠᠶ᠋ᠢᠳᠠᠪᠤᠷᠢᠵᠢᠭᠤᠯᠵᠤ᠂ ᠰᠠᠭᠤᠳᠠᠯ᠎ᠤᠨ ᠬᠤᠷᠠᠯ᠂ ᠭᠡᠷᠡᠴᠢᠯᠡᠭᠡ ᠰᠣᠨᠣᠰᠬᠤ ᠬᠤᠷᠠᠯ᠂ ᠲᠤᠬᠠᠶ ᠵᠢᠨ ᠭᠠᠵᠠᠷ᠎ᠲᠤ᠎ᠨᠢ ᠰᠤᠷᠪᠤᠯᠵᠢᠯᠠᠬᠤ᠂ ᠨᠡᠶ᠋ᠢᠭᠡᠮ ᠨᠡᠶ᠋ᠢᠲᠡ᠎ᠠᠴᠠ ᠢᠯᠡ᠎ᠪᠠᠷ ᠰᠠᠨᠠᠯ ᠬᠤᠷᠢᠶᠠᠬᠤ᠂ ᠠᠰᠠᠭᠤᠯᠲᠠ ᠵᠢᠨ ᠬᠠᠭᠤᠳᠠᠰᠤ᠎ᠪᠠᠷ ᠪᠠᠶ᠋ᠢᠴᠠᠭ᠋ᠠᠬᠤ᠂ ᠠᠷᠠᠳ᠎ᠤᠨ ᠰᠠᠨᠠᠭ᠎ᠠ ᠵᠢ ᠪᠠᠶ᠋ᠢᠴᠠᠭ᠋ᠠᠬᠤ ᠵᠡᠷᠭᠡ ᠣᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠳᠠᠮᠵᠢᠭᠤᠯᠤᠨ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠣᠯᠠᠨ ᠨᠡᠶ᠋ᠢᠲᠡ ᠵᠢᠨ ᠣᠷᠣᠯᠴᠠᠬᠤ ᠬᠡᠪᠴᠢᠶ᠎ᠡ ᠵᠢ ᠤᠯᠠᠮ ᠨᠢᠭᠡ ᠠᠯᠬᠤᠮ ᠥᠷᠭᠡᠳᠬᠡᠬᠦ ᠬᠡᠷᠡᠭᠲᠡᠶ᠃
      ᠵᠠᠰᠠᠭ᠎ᠤᠨ ᠣᠷᠳᠣᠨ᠎ᠤ ᠰᠦᠯᠵᠢᠶ᠎ᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠬᠦ ᠲᠠᠯ᠎ᠠ᠎ᠪᠠᠷ᠂ ᠵᠠᠰᠠᠭ᠎ᠤᠨ ᠣᠷᠳᠣᠨ᠎ᠤ ᠰᠦᠯᠵᠢᠶ᠎ᠡ᠎ᠪᠠᠷ ᠵᠠᠰᠠᠭ᠎ᠤᠨ ᠣᠷᠳᠣᠨ᠎ᠤ ᠰᠦᠯᠵᠢᠶᠡᠨ ᠳᠡᠭᠡᠷᠡᠬᠢ ᠲᠤᠭ᠎ᠠ ᠪᠠᠷᠢᠮᠲᠠ ᠵᠢ ᠬᠤᠷᠢᠶᠠᠩᠭᠤᠶ᠋ᠢᠯᠠᠨ ᠴᠤᠭᠯᠠᠭᠤᠯᠬᠤ᠂ ᠵᠠᠰᠠᠭ᠎ᠤᠨ ᠣᠷᠳᠣᠨ᠎ᠤ ᠰᠦᠯᠵᠢᠶᠡᠨ ᠳᠡᠭᠡᠷᠡᠬᠢ ᠦᠢ᠍ᠯᠡᠴᠢᠯᠡᠭᠡ ᠬᠠᠩᠭ᠋ᠠᠬᠤ᠂ ᠵᠠᠰᠠᠭ᠎ᠤᠨ ᠣᠷᠳᠣᠨ᠎ᠤ ᠰᠦᠯᠵᠢᠶᠡᠨ᠎ᠤ ᠵᠠᠰᠠᠯᠲᠠ ᠵᠢ ᠳᠡᠭᠡᠭᠰᠢᠯᠡᠭᠦᠯᠬᠦ᠎ᠳᠤ ᠬᠦᠴᠦᠨ ᠨᠡᠮᠡᠷᠢᠯᠡᠬᠦ ᠴᠢᠬᠤᠯᠠ ᠭᠠᠷᠳᠠᠴᠠ ᠪᠣᠯᠭ᠋ᠠᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠨᠠᠩ ᠣᠯᠠᠨ ᠵᠦᠢ᠍ᠯᠡᠰ᠎ᠢ ᠰᠦᠯᠵᠢᠶᠡᠨ ᠳᠡᠭᠡᠷ᠎ᠡ ᠬᠦᠢ᠍ᠴᠡᠳᠬᠡᠬᠦ᠂ ᠠᠯᠠᠭ᠋ᠠᠨ ᠳᠡᠭᠡᠷ᠎ᠡ ᠬᠦᠢ᠍ᠴᠡᠳᠭᠡᠬᠦ᠂ ᠨᠢᠭᠡ ᠯᠠ ᠤᠳᠠᠭ᠎ᠠ᠎ᠳᠤ ᠬᠦᠢ᠍ᠴᠡᠳᠭᠡᠬᠦ ᠵᠢ ᠠᠬᠢᠭᠤᠯᠤᠨ᠂ ᠨᠢᠭᠡ ᠰᠦᠯᠵᠢᠶ᠎ᠡ᠎ᠪᠠᠷ ᠨᠡᠶ᠋ᠢᠳᠡᠮ ᠪᠠᠶ᠋ᠢᠴᠠᠭ᠋ᠠᠬᠤ᠂ ᠨᠢᠭᠡ ᠰᠦᠯᠵᠢᠶ᠎ᠡ᠎ᠪᠠᠷ ᠨᠡᠶ᠋ᠢᠳᠡᠮ ᠬᠠᠷᠢᠭᠤᠯᠬᠤ᠂ ᠨᠢᠭᠡ ᠰᠦᠯᠵᠢᠶ᠎ᠡ᠎ᠪᠠᠷ ᠨᠡᠶ᠋ᠢᠳᠡᠮ ᠬᠦᠢ᠍ᠴᠡᠳᠭᠡᠬᠦ᠂ ᠨᠢᠭᠡ ᠰᠦᠯᠵᠢᠶ᠎ᠡ᠎ᠪᠠᠷ ᠨᠡᠶ᠋ᠢᠳᠡᠮ ᠬᠠᠮᠢᠶᠠᠷᠬᠤ ᠵᠢ ᠪᠡᠶᠡᠯᠡᠬᠦᠯᠬᠦ ᠬᠡᠷᠡᠭᠳᠡᠢ ᠭᠡᠵᠦ ᠲᠤᠳᠤᠷᠬᠠᠶ᠋ᠢᠯᠠᠪᠠ; ᠵᠢᠯ᠎ᠤᠨ ᠳᠣᠲᠣᠷ᠎ᠠ ᠴᠢᠳᠠᠮᠵᠢ᠎ᠨᠢ ᠡᠷᠴᠢᠮᠵᠢᠭᠰᠡᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠷᠴᠢᠮᠵᠢᠭᠦᠯᠦᠭᠰᠡᠨ ᠲᠠᠪᠴᠠᠩ᠎ᠢ ᠪᠠᠶ᠋ᠢᠭᠤᠯᠵᠦ᠂ ᠣᠲᠣ ᠵᠢᠨ ᠪᠠᠶ᠋ᠢᠭ᠎ᠠ ᠡᠯ᠎ᠡ ᠠᠶ᠋ᠢᠮᠠᠭ ᠬᠤᠲᠠ ᠵᠢᠨ ᠰᠦᠯᠵᠢᠶᠡᠨ ᠴᠤᠭᠯᠠᠷᠠᠯ᠎ᠤᠨ ᠲᠠᠪᠴᠠᠩ᠎ᠢ ᠡᠷᠴᠢᠮᠵᠢᠭᠦᠯᠦᠭᠰᠡᠨ ᠲᠠᠪᠴᠠᠩ ᠪᠣᠯᠭ᠋ᠠᠨ ᠲᠦᠷᠭᠡᠳᠬᠡᠨ ᠲᠠᠰ ᠳᠡᠪᠰᠢᠬᠦᠯᠬᠦ᠎ᠪᠠᠷ ᠦᠭᠡᠷᠡᠴᠢᠯᠡᠨ ᠪᠠᠶ᠋ᠢᠭᠤᠯᠵᠦ᠂ ᠵᠠᠰᠠᠭ᠎ᠤᠨ ᠣᠷᠳᠣᠨ᠎ᠤ ᠰᠦᠯᠵᠢᠶᠡᠨ ᠳᠡᠭᠡᠷ᠎ᠡ ᠡᠭᠦᠷᠭᠡ ᠬᠠᠷᠢᠭᠤᠴᠠᠯᠭ᠎ᠠ᠎ᠪᠠᠨ ᠬᠦᠢ᠍ᠴᠡᠳᠭᠡᠬᠦ ᠴᠢᠳᠠᠪᠤᠷᠢ ᠪᠠ ᠦᠢ᠍ᠯᠡᠴᠢᠯᠡᠭᠡᠨ᠎ᠤ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠦᠨ᠎ᠡ ᠭᠡᠵᠦ ᠲᠣᠳᠣᠷᠬᠠᠶ᠋ᠢᠯᠠᠪᠠ; ᠲᠥᠷᠥᠯ ᠬᠤᠪᠢᠶᠠᠭᠰᠠᠨ ᠰᠢᠨᠵᠢᠯᠡᠬᠦ ᠤᠬᠠᠭ᠋ᠠᠨᠴᠢ᠂ ᠲᠥᠪᠯᠡᠷᠡᠭᠦᠯᠦᠨ ᠵᠢᠷᠤᠮᠵᠢᠭᠤᠯᠤᠭᠰᠠᠨ᠂ ᠬᠠᠮᠲᠤ᠎ᠳᠤ᠎ᠪᠠᠨ ᠬᠦᠷᠲᠡᠵᠦ ᠬᠠᠮᠲᠤ᠎ᠪᠠᠷ ᠬᠡᠷᠡᠭᠯᠡᠬᠦ ᠪᠥᠬᠦ ᠲᠠᠪᠴᠠᠩ᠎ᠤᠨ ᠨᠢᠭᠡᠳᠦᠯᠲᠡᠶ ᠮᠡᠳᠡᠭᠡ ᠵᠠᠩᠭᠢ ᠵᠢᠨ ᠡᠬᠢ ᠪᠠᠶᠠᠯᠢᠭ᠎ᠤᠨ ᠬᠥᠮᠥᠷᠭᠡ ᠵᠢ ᠲᠦᠷᠭᠡᠳᠬᠡᠨ ᠪᠠᠶ᠋ᠢᠭᠤᠯᠵᠤ᠂ ᠪᠥᠬᠦ ᠣᠷᠣᠨ᠎ᠤ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠂ ᠮᠡᠳᠡᠭᠡ ᠵᠠᠩᠭᠢ ᠵᠢᠨ ᠡᠬᠢ ᠪᠠᠶᠠᠯᠢᠭ᠎ᠢ ᠨᠢᠭᠡᠳᠦᠯᠲᠡᠶ ᠬᠠᠮᠢᠶᠠᠷᠴᠦ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ ᠵᠢᠨ ᠲᠤᠭ᠎ᠠ ᠪᠠᠷᠢᠮᠲᠠ ᠵᠢᠨ ᠬᠠᠷᠢᠯᠴᠠᠨ ᠬᠤᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠵᠢ ᠪᠡᠶᠡᠯᠡᠬᠦᠯᠬᠦ ᠬᠡᠷᠡᠭᠳᠡᠢ ᠭᠡᠵᠦ ᠲᠣᠳᠣᠷᠬᠠᠶ᠋ᠢᠯᠠᠪᠠ; ᠪᠥᠬᠦ ᠣᠷᠣᠨ᠎ᠤ ᠪᠣᠶ ᠪᠥᠬᠦᠶ ᠵᠠᠰᠠᠭ᠎ᠤᠨ ᠣᠷᠳᠣᠨ᠎ᠤ ᠰᠢᠰᠲ᠋ᠧᠮ᠎ᠤᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ 《ᠪᠥᠬᠦ ᠤᠯᠤᠰ᠎ᠤᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠮᠡᠳᠡᠬᠦᠯᠦᠨ ᠬᠦᠷᠭᠡᠬᠦ ᠰᠢᠰᠲ᠋ᠧᠮ》᠎ᠳᠤ ᠣᠷᠣᠭᠤᠯᠤᠨ ᠬᠠᠮᠢᠶᠠᠷᠴᠤ᠂ ᠡᠯ᠎ᠡ ᠭᠠᠵᠠᠷ ᠣᠷᠣᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠪᠦᠷᠢᠳᠬᠡᠨ ᠳᠠᠩᠰᠠᠯᠠᠬᠤ ᠬᠠᠮᠢᠶᠠᠷᠤᠯᠲᠠ ᠵᠢᠨ ᠲᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠴᠡᠭᠴᠡᠯᠡᠵᠦ ᠨᠡᠶ᠋ᠢᠯᠡᠭᠦᠯᠬᠦ ᠵᠡᠷᠭᠡ ᠠᠵᠢᠯ᠎ᠢ ᠦᠷᠨᠢᠬᠦᠯᠬᠦ ᠬᠡᠷᠡᠭᠲᠡᠢ ᠭᠡᠵᠦ ᠲᠣᠳᠣᠷᠬᠠᠶ᠋ᠢᠯᠠᠪᠠ; ᠥᠪᠥᠷ ᠮᠣᠩᠭᠤᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ ᠪᠠ 《ᠮᠥᠩᠬᠡ ᠰᠤᠪᠠᠭ》 ᠰᠢᠯᠵᠢᠮᠡᠯ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠢ ᠪᠥᠬᠦ ᠣᠷᠣᠨ᠎ᠤ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠶᠡᠷᠦᠩᠬᠡᠶ ᠫᠤᠷᠲ᠋ᠧᠯ ᠰᠦᠯᠵᠢᠶ᠎ᠡ᠂ ᠶᠡᠷᠦᠩᠬᠡᠶ ᠬᠦᠢ᠍ᠰᠦ ᠪᠣᠯᠭ᠋ᠠᠨ ᠪᠠᠶ᠋ᠢᠭᠤᠯᠵᠤ᠂ ᠲᠤᠭ᠎ᠠ ᠪᠠᠷᠢᠮᠲᠠ ᠵᠢᠨ ᠬᠠᠷᠢᠯᠴᠠᠨ ᠬᠤᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠵᠢ ᠪᠡᠶᠡᠯᠡᠭᠦᠯᠦᠨ᠂ ᠣᠯᠠᠨ ᠲᠦᠮᠡᠨ᠎ᠤ ᠬᠠᠨᠤᠮᠵᠢ ᠵᠢᠨ ᠬᠡᠮᠵᠢᠶ᠎ᠡ ᠵᠢ ᠳᠡᠭᠡᠭᠰᠢᠯᠡᠬᠦᠯᠬᠦ ᠬᠡᠷᠡᠭᠳᠡᠢ ᠭᠡᠵᠦ ᠲᠣᠳᠣᠷᠬᠠᠶ᠋ᠢᠯᠠᠪᠠ᠃ 
      ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ᠎ᠢ ᠭᠦᠨᠵᠡᠭᠡᠶ᠋ᠢᠷᠡᠭᠦᠯᠬᠦ ᠲᠠᠯ᠎ᠠ᠎ᠪᠠᠷ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠳ ᠵᠠᠰᠠᠭ᠎ᠤᠨ ᠣᠷᠳᠣᠨ᠎ᠤ ᠰᠦᠯᠵᠢᠶᠡᠨ᠎ᠤ 《ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ》᠂ 《ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠤᠨ ᠬᠥᠮᠥᠷᠭᠡ》 ᠵᠡᠷᠭᠡ ᠪᠤᠯᠤᠩ᠎ᠤᠨ ᠪᠠᠶ᠋ᠢᠭᠤᠯᠤᠯᠲᠠ ᠵᠢ ᠵᠢᠷᠤᠮᠵᠢᠭᠤᠯᠵᠤ᠂ ᠠᠷᠠᠳ ᠣᠯᠠᠨ᠎ᠤ ᠠᠩᠬᠠᠷᠤᠨ ᠬᠠᠯᠠᠮᠵᠢᠯᠠᠵᠤ ᠪᠠᠶ᠋ᠢᠭ᠎ᠠ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ ᠵᠢ ᠢᠯᠡ ᠪᠣᠯᠭ᠋ᠠᠬᠤ ᠠᠵᠢᠯ᠎ᠢ ᠦᠷᠭᠦᠯᠵᠢᠯᠡᠨ ᠰᠠᠶ᠋ᠢᠲᠤᠷ ᠬᠢᠬᠦ ᠬᠡᠷᠡᠭᠲᠡᠶ ᠭᠡᠵᠦ ᠳᠤᠳᠤᠷᠬᠠᠶ᠋ᠢᠯᠠᠪᠠ; ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠢᠰᠲ᠋ᠧᠮ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠭᠤᠶᠤᠴᠢᠯᠠᠯ ᠶᠤᠰᠤᠭ᠋ᠠᠷ ᠢᠯᠡ ᠪᠣᠯᠭ᠋ᠠᠬᠤ ᠲᠠᠪᠴᠠᠩ᠎ᠤᠨ ᠬᠡᠷᠡᠭᠯᠡᠬᠦ ᠬᠡᠪᠴᠢᠶ᠎ᠡ ᠵᠢ ᠥᠷᠭᠡᠳᠬᠡᠵᠦ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠭᠤᠶᠤᠴᠢᠯᠠᠯ ᠶᠤᠰᠤᠭ᠋ᠠᠷ ᠢᠯᠡ ᠪᠣᠯᠭ᠋ᠠᠬᠤ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠎ᠢ 《ᠨᠢᠭᠡ ᠰᠦᠯᠵᠢᠶ᠎ᠡ᠎ᠪᠠᠷ ᠨᠡᠶ᠋ᠢᠳᠡᠮ ᠬᠦᠢ᠍ᠴᠡᠳᠭᠡᠬᠦ》 ᠵᠢ ᠠᠬᠢᠭᠤᠯᠤᠨ ᠪᠡᠶᠡᠯᠡᠬᠦᠯᠬᠦ ᠬᠡᠷᠡᠭᠲᠡᠶ ᠭᠡᠵᠦ ᠲᠣᠳᠣᠷᠬᠠᠶ᠋ᠢᠯᠠᠪᠠ; ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠳ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠣᠷᠣᠨ ᠨᠤᠲᠤᠭ᠎ᠤᠨ ᠪᠠᠷᠢᠮᠵᠢᠶ᠎ᠠ ᠵᠢ ᠲᠦᠭᠡᠮᠡᠯᠵᠢᠬᠦᠯᠦᠨ ᠲᠤᠷᠰᠢᠨ ᠬᠡᠷᠡᠭᠯᠡᠵᠦ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠦᠨᠳᠦᠰᠦᠨ ᠱᠠᠲᠤᠨ᠎ᠤ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢ ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ᠎ᠢ ᠬᠢᠨᠠᠨ ᠵᠢᠯᠤᠭᠤᠳᠬᠤ ᠡᠷᠴᠢᠮ ᠵᠶ᠋ᠠᠨ ᠴᠢᠩᠭ᠋ᠠᠷᠠᠭᠤᠯᠤᠨ᠂ ᠳᠡᠭᠡᠷ᠎ᠡ ᠨᠢᠭᠡ ᠵᠢᠯ᠎ᠤᠨ ᠠᠵᠢᠯ ᠵᠶ᠋ᠠᠨ ᠪᠡᠶᠡᠯᠡᠭᠦᠯᠦᠭᠰᠡᠨ ᠪᠠᠶ᠋ᠢᠳᠠᠯ ᠵᠶ᠋ᠠᠨ ᠡᠷᠭᠢᠴᠡᠭᠦᠯᠵᠦ᠂ ᠲᠣᠰ ᠤᠨ᠎ᠤ ᠠᠵᠢᠯ᠎ᠤᠨ ᠡᠭᠦᠷᠭᠡ᠎ᠪᠠᠨ ᠳᠠᠬᠢᠨ ᠪᠠᠶ᠋ᠢᠷᠢᠯᠠᠭᠤᠯᠵᠤ᠂ ᠪᠠᠷᠢᠮᠵᠢᠶᠠᠵᠢᠭᠤᠯᠬᠤ᠎ᠪᠠᠷ ᠭᠠᠷᠳᠠᠴᠠ ᠪᠣᠯᠭ᠋ᠠᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠴᠢᠳᠠᠪᠤᠷᠢ᠎ᠪᠠᠨ ᠦᠨᠡᠨ ᠬᠦ᠌ ᠳᠡᠭᠡᠭᠰᠢᠯᠡᠭᠦᠯᠬᠦ ᠬᠡᠷᠡᠭᠲᠡᠶ ᠭᠡᠵᠦ ᠳᠤᠳᠤᠷᠬᠠᠶ᠋ᠢᠯᠠᠪᠠ᠃
      ᠢᠯᠡ ᠪᠣᠯᠭ᠋ᠠᠬᠤ ᠡᠩᠨᠡᠭᠡ ᠵᠢᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠬᠦ ᠲᠠᠯ᠎ᠠ᠎ᠪᠠᠷ᠂ ᠠᠵᠢᠯ ᠵᠶ᠋ᠠᠨ ᠵᠤᠬᠢᠴᠠᠭᠤᠯᠵᠦ᠂ ᠬᠢᠨᠠᠯᠲᠠ ᠲᠠᠯᠪᠢᠬᠤ ᠲᠣᠭᠲᠠᠴᠠ ᠵᠢ ᠤᠯᠠᠮ ᠨᠢᠭᠡ ᠠᠯᠬᠤᠮ ᠪᠦᠷᠢᠨᠰᠢᠬᠦᠯᠵᠦ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠠᠤᠯᠢ ᠲᠣᠭᠲᠠᠭ᠋ᠠᠯ ᠰᠠᠬᠢᠯᠭ᠎ᠠ ᠪᠠᠲᠤ ᠶᠣᠰᠣᠭ᠋ᠠᠷ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠰᠢᠯᠭ᠋ᠠᠨ ᠬᠢᠨᠠᠵᠤ ᠦᠨᠡᠯᠡᠨ ᠵᠢᠱ᠌ᠢᠬᠦ ᠵᠢ ᠥᠷᠨᠢᠭᠦᠯᠵᠦ᠂ ᠬᠦᠢ᠍ᠴᠡᠳᠭᠡᠯ ᠲᠤᠭ᠎ᠠ ᠵᠢᠨ ᠲᠤᠭᠲᠠᠯᠴᠠᠭ᠎ᠠ ᠵᠢ ᠰᠢᠨᠵᠢᠯᠡᠬᠦ ᠤᠬᠠᠭ᠋ᠠᠨᠴᠢ ᠵᠦᠶ ᠵᠣᠬᠢᠰᠲᠠᠶ᠎ᠪᠠᠷ ᠲᠣᠭᠲᠠᠭ᠋ᠠᠵᠤ᠂ ᠠᠵᠢᠯ᠎ᠤᠨ ᠪᠦᠬᠦᠯᠢ ᠴᠣᠭᠴᠠ ᠵᠢᠨ ᠬᠠᠨᠳᠤᠰᠢ ᠵᠢ ᠨᠠᠩ ᠰᠠᠶ᠋ᠢᠨ ᠡᠵᠡᠮᠳᠡᠬᠦ ᠬᠡᠷᠡᠭᠲᠡᠶ ᠭᠡᠵᠦ ᠳᠤᠲᠤᠷᠬᠠᠶ᠋ᠢᠯᠠᠪᠠ; ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠪᠣᠯᠪᠠᠰᠤᠷᠠᠯ᠎ᠤᠨ ᠠᠵᠢᠯ᠎ᠢ ᠲᠡᠭᠦᠯᠳᠡᠷᠵᠢᠭᠦᠯᠵᠦ᠂ ᠪᠣᠯᠪᠠᠰᠤᠷᠠᠯ᠎ᠤᠨ ᠠᠷᠭ᠎ᠠ ᠮᠠᠶᠢᠭ᠎ᠲᠤ ᠰᠢᠨ᠎ᠡ ᠵᠢ ᠡᠭᠦᠳᠦᠨ᠂ ᠣᠯᠠᠨ ᠡᠰᠢᠲᠦ ᠪᠣᠯᠪᠠᠰᠤᠷᠠᠯ᠎ᠤᠨ ᠪᠠᠶ᠋ᠢᠷᠢᠰᠢᠯ᠎ᠢ ᠪᠣᠶ ᠪᠣᠯᠭ᠋ᠠᠵᠤ᠂ ᠠᠵᠢᠯ᠎ᠤᠨ ᠭᠤᠤᠯᠳᠠᠯᠭ᠎ᠠ ᠵᠢ ᠬᠠᠷᠭᠤᠭᠤᠯᠬᠤ᠂ ᠠᠵᠢᠯ᠎ᠤᠨ ᠴᠢᠳᠠᠪᠤᠷᠢ ᠵᠢ ᠳᠡᠭᠡᠭᠰᠢᠯᠡᠭᠦᠯᠬᠦ ᠬᠠᠷᠠᠯᠲᠠ᠎ᠳᠤ ᠬᠦᠷᠬᠦ ᠬᠡᠷᠡᠭᠲᠡᠶ ᠭᠡᠵᠦ ᠲᠣᠳᠣᠷᠬᠠᠶ᠋ᠢᠯᠠᠪᠠ; ᠲᠤᠰ ᠭᠤᠤᠯᠳᠠᠯᠭ᠎ᠠ᠎ᠳᠤ ᠳᠤᠷᠠᠳᠤᠭᠰᠠᠨ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ᠎ᠲᠤ ᠬᠤᠯᠪᠣᠭᠳᠠᠬᠤ ᠭᠤᠤᠯᠳᠠᠯᠭ᠎ᠠ᠎ᠲᠠᠢ ᠡᠭᠦᠷᠭᠡ ᠵᠢ ᠲᠣᠳᠣᠷᠬᠠᠶ᠋ᠢᠯᠠᠵᠤ᠂ ᠠᠵᠢᠯ᠎ᠤᠨ ᠡᠬᠡ ᠳᠠᠩᠰᠠ ᠵᠢ ᠡᠮᠬᠢᠯᠡᠨ ᠪᠦᠷᠢᠯᠳᠦᠭᠦᠯᠵᠦ᠂ ᠬᠢᠨᠠᠯᠲᠠ ᠲᠠᠯᠪᠢᠬᠤ ᠵᠢ ᠴᠢᠩᠭ᠋ᠠᠳᠬᠠᠨ᠂ ᠨᠠᠶ᠋ᠢᠳᠠᠪᠤᠷᠢᠵᠢᠭᠤᠯᠤᠨ ᠪᠣᠳᠠᠲᠠᠶ᠋ᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
      ᠭᠤᠷᠪᠠ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠭᠤᠤᠯᠳᠠᠯᠭ᠎ᠠ ᠵᠢ ᠬᠡᠷᠬᠢᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠪᠣᠶ?
      ᠨᠢᠭᠡ᠎ᠳᠤ᠂ ᠭᠤᠤᠯᠳᠠᠯᠭ᠎ᠠ᠎ᠲᠠᠢ ᠠᠵᠢᠯ ᠪᠣᠯᠤᠨ ᠡᠳᠦᠷ ᠲᠤᠲᠤᠮ᠎ᠤᠨ ᠠᠵᠢᠯ᠎ᠤᠨ ᠬᠠᠷᠢᠴᠠᠭ᠎ᠠ ᠵᠢ ᠰᠠᠶ᠋ᠢᠲᠤᠷ ᠡᠵᠡᠮᠳᠡᠬᠦ ᠬᠡᠷᠡᠭᠲᠡᠶ᠃ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠭᠤᠤᠯᠳᠠᠯᠭ᠎ᠠ ᠪᠣᠯ ᠥᠪᠡᠷᠲᠡᠭᠡᠨ ᠵᠠᠰᠠᠬᠤ ᠣᠷᠣᠨ᠎ᠠᠴᠠ ᠪᠥᠬᠦ ᠵᠢᠯ᠎ᠤᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠳᠤ ᠳᠤᠷᠠᠳᠤᠭᠰᠠᠨ ᠶᠡᠷᠦᠩᠬᠡᠶ ᠱᠠᠭ᠋ᠠᠷᠳᠠᠯᠭ᠎ᠠ ᠪᠣᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠳ ᠭᠤᠤᠯᠳᠠᠯᠭ᠎ᠠ ᠵᠢᠨ ᠲᠣᠭᠤᠷᠢᠨ᠎ᠳᠤ ᠠᠵᠢᠯ ᠵᠶ᠋ᠠᠨ ᠠᠬᠢᠭᠤᠯᠵᠤ᠂ ᠭᠤᠤᠯᠳᠠᠯᠭ᠎ᠠ᠎ᠪᠠᠷ ᠠᠵᠢᠯ ᠵᠶ᠋ᠠᠨ ᠠᠬᠢᠭᠤᠯᠬᠤ ᠴᠢᠬᠤᠯᠠ ᠭᠠᠷᠳᠠᠴᠠ ᠪᠣᠯᠭ᠋ᠠᠬᠤ ᠬᠡᠷᠡᠭᠲᠡᠶ᠃ ᠭᠤᠤᠯᠳᠠᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠳᠤ ᠭᠤᠤᠯᠳᠠᠯᠭ᠎ᠠ᠎ᠲᠠᠢ ᠠᠵᠢᠯ᠎ᠢ ᠠᠳᠬᠤᠵᠤ᠂ ᠨᠠᠶ᠋ᠢᠳᠠᠪᠤᠷᠢᠵᠢᠭᠤᠯᠤᠯᠲᠠ ᠵᠢ ᠵᠣᠬᠢᠶᠠᠨ ᠪᠠᠶ᠋ᠢᠭᠤᠯᠤᠨ ᠠᠬᠢᠭᠤᠯᠬᠤ᠎ᠪᠠᠷ ᠪᠠᠷᠠᠬᠤ ᠦᠭᠡᠢ ᠪᠠᠰᠠ ᠠᠰᠠᠭᠤᠳᠠᠯ ᠳᠤᠲᠠᠭᠤᠳᠠᠯ᠎ᠢ ᠣᠨᠣᠪᠴᠢᠲᠠᠢ ᠡᠷᠢᠵᠦ᠂ ᠡᠳᠦᠷ ᠲᠤᠳᠤᠮ᠎ᠤᠨ ᠠᠵᠢᠯ᠎ᠢ ᠴᠡᠭᠴᠡᠯᠡᠨ ᠰᠠᠶ᠋ᠢᠵᠢᠷᠠᠭᠤᠯᠵᠤ ᠳᠡᠭᠡᠭᠰᠢᠯᠡᠭᠦᠯᠬᠦ ᠵᠢ ᠠᠬᠢᠭᠤᠯᠬᠤ ᠬᠡᠷᠡᠭᠲᠡᠢ᠃ ᠤᠯᠤᠰ᠎ᠤᠨ ᠠᠵᠢᠯ᠎ᠤᠨ ᠭᠤᠤᠯᠳᠠᠯᠭ᠎ᠠ᠎ᠳᠤ ᠳᠤᠷᠠᠳᠤᠭᠰᠠᠨ 《ᠳᠡᠭᠡᠷ᠎ᠡ ᠨᠢᠭᠡ ᠤᠨ᠎ᠤ ᠠᠵᠢᠯ᠎ᠤᠨ ᠭᠤᠤᠯᠳᠠᠯᠭ᠎ᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ ᠵᠶ᠋ᠠᠨ 〈ᠪᠤᠴᠠᠨ ᠦᠵᠡᠬᠦ〉 ᠠᠵᠢᠯ᠎ᠢ ᠥᠷᠨᠢᠭᠦᠯᠬᠦ》 ᠱᠠᠭ᠋ᠠᠷᠳᠠᠯᠭ᠎ᠠ ᠶᠣᠰᠣᠭ᠋ᠠᠷ᠂ ᠥᠩᠭᠡᠷᠡᠭᠰᠡᠨ᠎ᠤ ᠠᠵᠢᠯ᠎ᠤᠨ ᠭᠤᠤᠯᠳᠠᠯᠭ᠎ᠠ᠎ᠳᠠᠬᠢ ᠪᠡᠶᠡᠯᠡᠭᠦᠯᠦᠭᠡᠳᠦᠶ ᠡᠭᠦᠷᠭᠡ ᠵᠢ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠬᠡᠷᠡᠭᠳᠡᠢ᠃ ᠠᠵᠢᠯ᠎ᠤᠨ ᠭᠤᠣᠯᠳᠠᠯᠭ᠎ᠠ ᠪᠣᠯ ᠭᠤᠤᠯ ᠠᠵᠢᠯ ᠮᠥᠨ ᠪᠤᠯᠪᠠᠴᠦ ᠪᠦᠬᠦ ᠠᠵᠢᠯ ᠪᠢᠰᠢ᠂ ᠭᠤᠤᠯᠳᠠᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠳᠤ ᠭᠤᠣᠯᠳᠠᠯᠭ᠎ᠠ᠎ᠲᠠᠢ ᠠᠵᠢᠯ᠎ᠢ ᠠᠳᠬᠤᠬᠤ ᠪᠠ ᠡᠳᠦᠷ ᠲᠤᠳᠤᠮ᠎ᠤᠨ ᠠᠵᠢᠯ᠎ᠢ ᠠᠳᠬᠤᠬᠤ ᠵᠢᠨ ᠬᠠᠷᠢᠴᠠᠭ᠎ᠠ ᠵᠢ ᠰᠠᠶ᠋ᠢᠲᠤᠷ ᠡᠵᠡᠮᠳᠡᠵᠦ᠂ ᠭᠤᠣᠯᠳᠠᠯᠭ᠎ᠠ᠎ᠲᠠᠢ ᠡᠭᠦᠷᠭᠡ ᠵᠢ ᠨᠠᠶ᠋ᠢᠳᠠᠪᠤᠷᠢᠵᠢᠭᠤᠯᠤᠨ ᠨᠠᠷᠢᠯᠢᠭᠵᠢᠭᠤᠯᠬᠤ ᠵᠢ ᠠᠬᠢᠭᠤᠯᠬᠤ ᠵᠢᠨ ᠬᠠᠮᠲᠤ᠂ ᠡᠳᠦᠷ ᠲᠤᠳᠤᠮ᠎ᠤᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ ᠬᠡᠷᠡᠭᠲᠡᠢ᠃
    ᠬᠤᠶᠠᠷ᠎ᠲᠤ᠂ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠠᠵᠢᠯ᠎ᠤᠨ ᠪᠠᠶ᠋ᠢᠭᠤᠯᠤᠮᠵᠢ ᠵᠢᠨ ᠬᠠᠷᠢᠴᠠᠭ᠎ᠠ ᠵᠢ ᠰᠠᠶ᠋ᠢᠲᠤᠷ ᠡᠵᠡᠮᠳᠡᠬᠦ ᠬᠡᠷᠡᠭᠲᠡᠢ᠃ ᠠᠵᠢᠯ᠎ᠤᠨ ᠭᠤᠤᠯᠳᠠᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠳᠤ᠂ ᠡᠯ᠎ᠡ ᠭᠠᠵᠠᠷ ᠣᠷᠣᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠡᠭᠦᠷᠭᠡ ᠦᠢ᠍ᠯᠡᠳᠦᠯ ᠵᠶ᠋ᠠᠨ ᠬᠦᠢ᠍ᠴᠡᠳ ᠪᠠᠳᠠᠷᠠᠭᠤᠯᠵᠤ᠂ ᠠᠵᠢᠯ᠎ᠤᠨ ᠭᠤᠤᠯᠳᠠᠯᠭ᠎ᠠ ᠵᠢ ᠨᠠᠶ᠋ᠢᠳᠠᠪᠤᠷᠢᠵᠢᠭᠤᠯᠬᠤ ᠵᠢ ᠵᠣᠬᠢᠶᠠᠨ ᠪᠠᠶ᠋ᠢᠭᠤᠯᠤᠨ ᠵᠣᠬᠢᠴᠠᠭᠤᠯᠬᠤ ᠪᠠ ᠵᠢᠯᠣᠭᠤᠳᠤᠨ ᠠᠬᠢᠭᠤᠯᠵᠤ᠂ ᠳᠡᠭᠡᠳᠦ ᠱᠠᠲᠤᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠯᠦᠭᠡ ᠵᠢᠨ ᠨᠡᠪᠲᠡᠷᠡᠯᠴᠡᠭᠡ ᠬᠠᠷᠢᠯᠴᠠᠭ᠎ᠠ᠎ᠪᠠᠨ ᠴᠢᠩᠭ᠋ᠠᠳᠬᠠᠨ᠂ ᠳᠤᠤᠷᠠᠳᠤ ᠱᠠᠲᠤᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢ ᠬᠢᠨᠠᠨ ᠵᠢᠯᠣᠭᠤᠳᠬᠤ᠎ᠪᠠᠨ ᠴᠢᠩᠭ᠋ᠠᠷᠠᠭᠤᠯᠵᠤ᠂ ᠠᠵᠢᠯ᠎ᠤᠨ ᠭᠤᠤᠯᠳᠠᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠶᠠᠪᠤᠴᠠ᠎ᠳᠤ ᠬᠡᠯᠪᠡᠷᠢ ᠵᠢᠨ ᠲᠠᠳᠤᠢ ᠪᠤᠯᠭ᠋ᠠᠬᠤ᠂ ᠳᠦᠭᠦᠮᠴᠢᠯᠡᠬᠦ ᠥᠬᠡᠶ ᠪᠠᠶ᠋ᠢᠬᠤ ᠵᠢ ᠦᠨᠡᠨ ᠬᠦ᠌ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠳᠤ ᠠᠵᠢᠯ᠎ᠢ ᠠᠬᠢᠭᠤᠯᠬᠤ ᠨᠡᠶ᠋ᠢᠯᠡᠮᠡᠯ ᠬᠦᠴᠦᠨ᠎ᠢ ᠪᠦᠷᠢᠳᠦᠬᠦᠯᠬᠦ ᠬᠡᠷᠡᠭᠳᠡᠢ᠃ ᠡᠯ᠎ᠡ ᠰᠠᠯᠠᠭ᠎ᠠ ᠮᠥᠴᠢᠷ᠎ᠤᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠬᠠᠷᠢᠭᠤᠴᠠᠵᠤ ᠪᠠᠶ᠋ᠢᠭ᠎ᠠ ᠪᠠᠶ᠋ᠢᠭᠤᠯᠤᠮᠵᠢ᠎ᠠᠴᠠ ᠠᠵᠢᠯ᠎ᠤᠨ ᠭᠤᠤᠯᠳᠠᠯᠭ᠎ᠠ᠎ᠲᠠᠢ᠎ᠪᠠᠨ ᠬᠠᠷᠢᠴᠠᠭᠤᠯᠤᠨ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡ ᠬᠦᠯᠢᠶᠡᠵᠦ᠂ ᠲᠣᠰ ᠰᠠᠯᠠᠭ᠎ᠠ ᠮᠥᠴᠢᠷ᠎ᠤᠨ ᠵᠶ᠋ᠠᠨ ᠠᠵᠢᠯ᠎ᠤᠨ ᠡᠭᠦᠷᠭᠡ ᠬᠠᠷᠢᠭᠤᠴᠠᠯᠭ᠎ᠠ᠎ᠲᠠᠢ ᠤᠶᠠᠯᠳᠤᠭᠤᠯᠤᠨ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠂ ᠦᠢ᠍ᠯᠡᠴᠢᠯᠡᠭᠡᠨ᠎ᠤ ᠬᠡᠯᠪᠡᠷᠢ ᠵᠢᠨ ᠵᠠᠰᠠᠭ᠎ᠤᠨ ᠣᠷᠳᠣᠨ᠎ᠢ ᠪᠠᠶ᠋ᠢᠭᠤᠯᠬᠤ ᠱᠠᠭ᠋ᠠᠷᠳᠠᠯᠭ᠎ᠠ ᠵᠢ ᠦᠨᠳᠦᠰᠦᠯᠡᠵᠦ᠂ ᠢᠯᠡ ᠪᠣᠯᠭ᠋ᠠᠬᠤ᠎ᠪᠠᠷ ᠨᠠᠶ᠋ᠢᠳᠠᠪᠤᠷᠢᠵᠢᠭᠤᠯᠤᠯᠲᠠ ᠵᠢ ᠠᠬᠢᠭᠤᠯᠬᠤ᠂ ᠵᠢᠷᠤᠮᠵᠢᠯ᠎ᠢ ᠠᠬᠢᠭᠤᠯᠬᠤ᠂ ᠦᠢ᠍ᠯᠡᠴᠢᠯᠡᠭᠡ ᠵᠢ ᠠᠬᠢᠭᠤᠯᠬᠤ ᠵᠢᠨ ᠲᠣᠭᠤᠷᠢᠨ᠎ᠳᠤ᠂ ᠠᠵᠤ ᠠᠬᠤᠶ᠋ᠢᠯᠠᠯ ᠪᠠ ᠣᠯᠠᠨ ᠲᠦᠮᠡᠨ᠎ᠤ ᠬᠠᠯᠠᠮᠵᠢᠯᠠᠨ ᠠᠩᠬᠠᠷᠴᠤ ᠪᠠᠶ᠋ᠢᠭ᠎ᠠ ᠵᠦᠢ᠍ᠯ᠎ᠳᠤ ᠴᠢᠭᠯᠡᠭᠦᠯᠦᠨ᠂ ᠲᠣᠰ ᠰᠠᠯᠠᠭ᠎ᠠ ᠮᠥᠴᠢᠷ᠎ᠤᠨ ᠵᠶ᠋ᠠᠨ ᠮᠡᠳᠡᠭᠡ ᠵᠠᠩᠭᠢ ᠨᠡᠶ᠋ᠢᠲᠡᠯᠡᠬᠦ᠂ ᠲᠠᠶ᠋ᠢᠯᠤᠮᠵᠢ ᠬᠢᠵᠦ ᠬᠠᠷᠢᠭᠤ ᠲᠤᠰᠬᠠᠬᠤ᠂ ᠲᠠᠪᠴᠠᠩ᠎ᠤᠨ ᠪᠠᠶ᠋ᠢᠭᠤᠯᠤᠯᠲᠠ ᠵᠡᠷᠭᠡ ᠲᠠᠯ᠎ᠠ ᠵᠢᠨ ᠠᠵᠢᠯ᠎ᠤᠨ ᠬᠢᠷᠢ ᠲᠦᠪᠰᠢᠨ ᠵᠶ᠋ᠠᠨ ᠦᠨᠡᠨᠬᠦ ᠳᠡᠭᠡᠭᠰᠢᠯᠡᠭᠦᠯᠬᠦ ᠬᠡᠷᠡᠭᠲᠡᠶ᠃
      ᠭᠤᠷᠪᠠ᠎ᠳᠤ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠪᠠ ᠵᠠᠰᠠᠭ᠎ᠤᠨ ᠣᠷᠳᠣᠨ᠎ᠤ ᠰᠦᠯᠵᠢᠶ᠎ᠡ (ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ) ᠵᠢᠨ ᠬᠠᠷᠢᠴᠠᠭ᠎ᠠ ᠵᠢ ᠰᠠᠶ᠋ᠢᠲᠤᠷ ᠡᠵᠡᠮᠳᠡᠬᠦ ᠬᠡᠷᠡᠭᠲᠡᠶ᠃ ᠵᠠᠰᠠᠭ᠎ᠤᠨ ᠣᠷᠳᠣᠨ᠎ᠤ ᠰᠦᠯᠵᠢᠶ᠎ᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ ᠪᠣᠯ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢ ᠭᠦᠨᠵᠡᠭᠡᠶ᠋ᠢᠷᠡᠭᠦᠯᠬᠦ ᠵᠢᠨ ᠴᠢᠬᠤᠯᠠ ᠭᠠᠷᠳᠠᠴᠠ ᠮᠥᠨ᠂ ᠣᠯᠠᠨ ᠲᠦᠮᠡᠨ᠎ᠤ ᠵᠠᠰᠠᠭ᠎ᠤᠨ ᠣᠷᠳᠣᠨ᠎ᠢ ᠮᠡᠳᠡᠷᠡᠬᠦ ᠪᠠ ᠵᠠᠰᠠᠭ᠎ᠤᠨ ᠣᠷᠳᠣᠨ᠎ᠢ ᠦᠨᠡᠯᠡᠬᠦ ᠵᠢᠨ 《ᠬᠠᠮᠤᠭ᠎ᠤᠨ ᠲᠡᠷᠢᠭᠦᠨ᠎ᠤ ᠨᠢᠭᠡ ᠺᠢᠯᠣᠮᠧᠳ᠋ᠷ》 ᠮᠥᠨ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢᠨ ᠦᠢ᠍ᠯᠡᠳᠦᠯ᠎ᠢ ᠦᠨᠡᠨ ᠬᠦ᠌ ᠪᠠᠳᠠᠷᠠᠭᠤᠯᠵᠤ᠂ ᠪᠤᠳᠠᠳᠠᠢ᠎ᠳᠤ ᠨᠠᠶ᠋ᠢᠳᠠᠪᠤᠷᠢᠵᠢᠭᠤᠯᠵᠦ ᠦᠷ᠎ᠡ ᠪᠦᠲᠦᠮᠵᠢ ᠭᠠᠷᠭ᠋ᠠᠬᠤ ᠵᠢᠨ 《ᠬᠠᠮᠤᠭ᠎ᠤᠨ ᠡᠴᠦᠰ᠎ᠤᠨ ᠨᠢᠭᠡ ᠺᠢᠯᠣᠮᠧᠳ᠋ᠷ》 ᠮᠥᠨ᠃ ᠠᠵᠢᠯ᠎ᠤᠨ ᠭᠤᠤᠯᠳᠠᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠳᠤ ᠡᠷᠬᠡᠪᠰᠢ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠪᠠ ᠵᠠᠰᠠᠭ᠎ᠤᠨ ᠣᠷᠳᠣᠨ᠎ᠤ ᠰᠦᠯᠵᠢᠶ᠎ᠡ (ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ) ᠵᠢᠨ ᠬᠠᠷᠢᠴᠠᠭ᠎ᠠ ᠵᠢ ᠰᠠᠶ᠋ᠢᠲᠤᠷ ᠡᠵᠡᠮᠳᠡᠬᠦ ᠬᠡᠷᠡᠭᠲᠡᠶ᠂ ᠲᠤᠬᠠᠶ᠋ᠢᠯᠠᠪᠠᠯ ᠵᠠᠰᠠᠭ᠎ᠤᠨ ᠣᠷᠳᠣᠨ᠎ᠤ ᠰᠦᠯᠵᠢᠶ᠎ᠡ (ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ) ᠵᠢᠨ ᠪᠠᠶ᠋ᠢᠭᠤᠯᠤᠯᠲᠠ ᠬᠠᠮᠢᠶᠠᠷᠤᠯᠲᠠ ᠵᠢ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠭᠦᠨᠵᠡᠭᠡᠶ᠋ᠢᠷᠡᠭᠦᠯᠬᠦ ᠱᠠᠭ᠋ᠠᠷᠳᠠᠯᠭ᠎ᠠ᠎ᠳᠤ ᠨᠡᠶ᠋ᠢᠴᠡᠭᠦᠯᠬᠦ ᠬᠡᠷᠡᠭᠲᠡᠶ᠃ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠰᠦᠯᠵᠢᠶ᠎ᠡ (ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ)᠎ᠠᠴᠠ ᠠᠵᠢᠯ᠎ᠤᠨ ᠭᠤᠤᠯᠳᠠᠯᠭ᠎ᠠ ᠵᠢᠨ ᠲᠣᠭᠤᠷᠢᠨ᠎ᠳᠤ᠂ ᠮᠡᠳᠡᠭᠡ ᠵᠠᠩᠭᠢ ᠨᠡᠶ᠋ᠢᠲᠡᠯᠡᠬᠦ᠂ ᠲᠠᠶ᠋ᠢᠯᠤᠮᠵᠢ ᠬᠢᠵᠦ ᠬᠠᠷᠢᠭᠤ ᠲᠤᠰᠬᠠᠬᠤ᠂ ᠠᠵᠢᠯ ᠶᠠᠪᠤᠳᠠᠯ ᠬᠦᠢ᠍ᠴᠡᠳᠭᠡᠬᠦ᠎ᠳᠤ ᠦᠢ᠍ᠯᠡᠴᠢᠯᠡᠬᠦ᠂ ᠬᠠᠷᠢᠯᠴᠠᠨ ᠦᠢ᠍ᠯᠡᠳᠦᠯᠴᠡᠵᠦ ᠰᠣᠯᠢᠯᠴᠠᠬᠤ ᠵᠡᠷᠭᠡ ᠲᠠᠯ᠎ᠠ ᠵᠢᠨ ᠴᠢᠳᠠᠮᠵᠢ ᠵᠢᠨ ᠪᠠᠶ᠋ᠢᠭᠤᠯᠤᠯᠲᠠ᠎ᠪᠠᠨ ᠴᠢᠩᠭ᠋ᠠᠳᠬᠠᠬᠤ ᠬᠡᠷᠡᠭᠲᠡᠶ᠃ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ᠎ᠳᠤ ᠵᠠᠰᠠᠭ᠎ᠤᠨ ᠣᠷᠳᠣᠨ᠎ᠤ ᠰᠦᠯᠵᠢᠶ᠎ᠡ (ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ) ᠵᠢᠨ ᠲᠠᠪᠴᠠᠩ᠎ᠤᠨ ᠦᠢ᠍ᠯᠡᠳᠦᠯ᠎ᠢ ᠬᠦᠢ᠍ᠴᠡᠳ ᠪᠠᠳᠠᠷᠠᠭᠤᠯᠵᠤ᠂ ᠵᠠᠰᠠᠭ᠎ᠤᠨ ᠣᠷᠳᠣᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠪᠠ ᠬᠠᠮᠢᠶᠠᠷᠤᠯᠲᠠ ᠦᠢ᠍ᠯᠡᠴᠢᠯᠡᠭᠡ ᠵᠢ ᠨᠠᠩ ᠢᠯᠡ ᠲᠣᠳᠣ ᠵᠢᠷᠤᠮᠵᠢᠯ᠎ᠲᠠᠢ ᠪᠣᠯᠭ᠋ᠠᠬᠤ ᠵᠢ ᠠᠬᠢᠭᠤᠯᠬᠤ ᠬᠡᠷᠡᠭᠲᠡᠶ᠃ ᠡᠭᠦᠨ᠎ᠤ ᠬᠠᠮᠲᠤ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠭᠤᠤᠯᠯᠠᠨ ᠡᠷᠬᠢᠯᠡᠵᠦ ᠪᠠᠶ᠋ᠢᠭ᠎ᠠ ᠨᠢᠭᠡᠴᠢ᠎ᠨᠦᠭᠦᠳ ᠵᠤᠬᠢᠴᠠᠭᠤᠯᠭ᠎ᠠ ᠬᠠᠮᠵᠢᠯᠴᠠᠭ᠎ᠠ᠂ ᠠᠵᠢᠯ᠎ᠤᠨ ᠬᠠᠷᠢᠴᠠᠭ᠎ᠠ ᠬᠤᠯᠪᠤᠭ᠎ᠠ᠎ᠪᠠᠨ ᠴᠢᠩᠭ᠋ᠠᠳᠬᠠᠵᠤ᠂ ᠠᠵᠢᠯ᠎ᠤᠨ ᠭᠤᠤᠯᠳᠠᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠲᠠᠯ᠎ᠠ᠎ᠪᠠᠷ ᠲᠣᠰ ᠲᠣᠰ᠎ᠤᠨ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠰᠠᠶ᠋ᠢᠲᠤᠷ ᠡᠭᠦᠷᠭᠡᠯᠡᠬᠦ ᠬᠡᠷᠡᠭᠲᠡᠶ᠃

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠭᠤᠯᠬᠤ ᠬᠠᠮᠢᠶᠠᠷᠤᠯᠲᠠ ᠵᠢᠨ ᠠᠷᠭ᠎ᠠ》 ᠵᠢᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠵᠢᠷᠤᠭᠲᠤ ᠲᠠᠶ᠋ᠢᠯᠤᠮᠵᠢ᠄ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2021 ᠣᠨ᠎ᠳᠤ ᠠᠵᠢᠯ᠎ᠠᠴᠠ᠎ᠪᠠᠨ ᠠᠮᠠᠷᠠᠭᠰᠠᠳ᠎ᠤᠨ ᠨᠠᠰᠤᠵᠢᠯ᠎ᠤᠨ ᠠᠰᠠᠷᠠᠮᠵᠢ ᠵᠢᠨ ᠰᠠᠭᠤᠷᠢ ᠮᠥᠩᠭᠦ ᠵᠢ ᠲᠣᠬᠢᠷᠠᠭᠤᠯᠬᠤ ᠲᠤᠬᠠᠢ ᠲᠥᠷᠦ ᠵᠢᠨ ᠪᠣᠳᠤᠯᠭ᠎ᠠ ᠵᠢᠨ ᠲᠠᠶ᠋ᠢᠯᠤᠮᠵᠢ
《ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》᠎ᠤᠨ ᠲᠠᠶ᠋ᠢᠯᠤᠮᠵᠢ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠰᠢᠭᠤ ᠰᠢᠶᠠᠨ᠎ᠤ ᠱᠠᠲᠤᠨ᠎ᠤ ᠲᠤᠭ᠎ᠠ ᠪᠦᠷᠢᠳᠬᠡᠯ᠎ᠤᠨ ᠠᠵᠢᠯ᠂ ᠰᠠᠯᠠᠭ᠎ᠠ ᠮᠥᠴᠢᠷ᠎ᠤᠨ ᠲᠤᠭ᠎ᠠ ᠪᠦᠷᠢᠳᠬᠡᠯ᠎ᠤᠨ ᠠᠵᠢᠯ᠂ ᠠᠵᠤ ᠦᠶᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠲᠤᠭ᠎ᠠ ᠪᠦᠷᠢᠳᠬᠡᠯ᠎ᠤᠨ ᠠᠵᠢᠯ᠂ ᠠᠵᠤ ᠠᠬᠤᠶ᠋ᠢᠯᠠᠯ᠎ᠤᠨ ᠲᠤᠭ᠎ᠠ ᠪᠦᠷᠢᠳᠬᠡᠯ᠎ᠤᠨ ᠠᠵᠢᠯ᠎ᠢ ᠵᠢᠷᠤᠮᠵᠢᠭᠤᠯᠤᠨ ᠬᠠᠮᠢᠶᠠᠷᠬᠤ ᠠᠷᠭ᠎ᠠ》 ᠵᠢᠨ ᠲᠠᠶ᠋ᠢᠯᠤᠮᠵᠢ
ᠵᠢᠷᠤᠭᠲᠤ ᠲᠠᠶ᠋ᠢᠯᠤᠮᠵᠢ᠄ ᠳᠡᠭᠡᠷ᠎ᠡ ᠬᠠᠭ᠋ᠠᠰ ᠵᠢᠯ᠎ᠤᠨ ᠪᠦᠬᠦ ᠣᠷᠤᠨ᠎ᠤ ᠠᠵᠤ ᠠᠬᠤᠢ ᠵᠢᠨ ᠠᠵᠢᠯᠯᠠᠭ᠋ᠠᠨ᠎ᠤ ᠦᠷ᠎ᠡ ᠪᠦᠲᠦᠮᠵᠢ ᠵᠢᠨ ᠬᠠᠭᠤᠳᠠᠰᠤ
 
ᠪᠦᠬᠦ᠌ ᠵᠦᠢᠯ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠡᠷᠡᠰ ᠬᠤᠷᠢᠭᠯᠠᠨ᠎ᠠ 蒙ICP备06000790号-2
Baidu
必威betway入口主页欢迎您