ᠨᠢᠭᠡ᠂ ᠨᠣᠣᠷᠠᠭᠯᠠᠭᠰᠠᠨ ᠠᠬᠤᠢ ᠪᠠᠶ᠋ᠢᠳᠠᠯ
1998 ᠣᠨ᠎ᠳᠤ 《ᠴᠢᠰᠤ ᠬᠠᠨᠳᠢᠪᠯᠠᠬᠤ ᠬᠠᠤᠯᠢ》 ᠵᠢ ᠨᠡᠶ᠋ᠢᠲᠡᠯᠡᠨ ᠬᠡᠷᠡᠭᠵᠢᠭᠦᠯᠵᠦ᠂ ᠮᠠᠨ᠎ᠤ ᠤᠯᠤᠰ ᠲᠥᠯᠥᠪᠦᠷᠢ ᠦᠭᠡᠢ᠎ᠪᠠᠷ ᠴᠢᠰᠤ ᠬᠠᠨᠳᠢᠪᠯᠠᠬᠤ ᠳᠦᠷᠢᠮ᠎ᠢ ᠪᠦᠬᠦ ᠲᠠᠯ᠎ᠠ᠎ᠪᠠᠷ ᠪᠠᠶ᠋ᠢᠭᠤᠯᠵᠠᠢ᠃ ᠡᠯ᠎ᠡ ᠱᠠᠲᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠂ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ᠎ᠤᠨ ᠵᠣᠬᠢᠶᠠᠨ ᠪᠠᠶ᠋ᠢᠭᠤᠯᠤᠯᠲᠠ ᠤᠳᠤᠷᠢᠳᠤᠯᠭ᠎ᠠ ᠪᠠ ᠠᠷᠠᠳ ᠣᠯᠠᠨ᠎ᠤ ᠢᠳᠡᠪᠬᠢᠲᠡᠢ ᠣᠷᠣᠯᠴᠠᠭᠰᠠᠨ ᠵᠶ᠋ᠠᠷ᠂ 《ᠵᠠᠰᠠᠭ᠎ᠤᠨ ᠣᠷᠳᠣᠨ ᠤᠳᠤᠷᠢᠳᠴᠤ᠂ ᠰᠠᠯᠠᠭ᠎ᠠ ᠮᠥᠴᠢᠷ᠎ᠤᠳ ᠬᠠᠮᠵᠢᠯᠴᠠᠨ᠂ ᠪᠥᠬᠦ ᠨᠡᠶ᠋ᠢᠭᠡᠮ ᠵᠶ᠋ᠠᠷ ᠵᠶ᠋ᠠᠨ ᠣᠷᠣᠯᠴᠠᠭᠰᠠᠨ》 ᠲᠥᠯᠥᠪᠦᠷᠢ ᠦᠭᠡᠢ᠎ᠪᠠᠷ ᠴᠢᠰᠤ ᠬᠠᠨᠳᠢᠪᠯᠡᠬᠤ ᠠᠵᠢᠯ᠎ᠤᠨ ᠵᠠᠭᠪᠤᠷ᠎ᠢ ᠪᠦᠲᠦᠭᠡᠵᠦ᠂ ᠡᠮᠴᠢᠯᠡᠭᠡᠨ᠎ᠳᠤ ᠬᠡᠷᠡᠭᠯᠡᠬᠦ ᠴᠢᠰᠤ᠎ᠨᠢ ᠴᠥᠮ ᠢᠷᠭᠡᠳ᠎ᠤᠨ ᠰᠠᠶ᠋ᠢᠨ ᠳᠤᠷ᠎ᠠ᠎ᠠᠴᠠ᠎ᠪᠠᠨ ᠲᠥᠯᠥᠪᠦᠷᠢ ᠦᠭᠡᠢ᠎ᠪᠠᠷ ᠬᠠᠨᠳᠢᠪᠯᠠᠭᠰᠠᠨ᠎ᠠᠴᠠ ᠢᠷᠡᠭᠰᠡᠨ᠎ᠢ ᠪᠡᠶᠡᠯᠡᠭᠦᠯᠵᠦ᠂ ᠲᠥᠯᠥᠪᠦᠷᠢ ᠦᠭᠡᠢ᠎ᠪᠠᠷ ᠴᠢᠰᠤ ᠬᠠᠨᠳᠢᠪᠯᠠᠭᠰᠠᠨ ᠶᠡᠷᠦᠩᠬᠡᠢ ᠬᠡᠮᠵᠢᠶ᠎ᠡ ᠪᠠ ᠴᠢᠰᠤ ᠬᠠᠨᠳᠢᠪᠯᠠᠭᠰᠠᠨ᠎ᠤ ᠳᠠᠪᠬᠤᠷᠳᠠᠭᠰᠠᠨ ᠲᠤᠭ᠎ᠠ 20 ᠭᠠᠷᠤᠢ ᠵᠢᠯ᠎ᠤᠨ ᠨᠡᠮᠡᠭᠳᠡᠯ᠎ᠢ ᠪᠠᠲᠤᠯᠠᠵᠤ᠂ ᠲᠥᠯᠥᠪᠦᠷᠢ ᠦᠭᠡᠢ᠎ᠪᠠᠷ ᠴᠢᠰᠤ ᠬᠠᠨᠳᠢᠪᠯᠡᠬᠤ ᠠᠵᠢᠯ ᠢᠯᠡᠳᠲᠡ ᠪᠦᠲᠦᠮᠵᠢ ᠣᠯᠪᠠ᠃ ᠳᠡᠯᠡᠬᠡᠢ ᠵᠢᠨ ᠡᠷᠡᠭᠦᠯ ᠬᠠᠮᠠᠭ᠋ᠠᠯᠠᠯ᠎ᠤᠨ ᠵᠣᠬᠢᠶᠠᠨ ᠪᠠᠶ᠋ᠢᠭᠤᠯᠤᠯᠲᠠ ᠵᠢᠨ ᠨᠡᠶ᠋ᠢᠲᠡᠯᠡᠭᠰᠡᠨ 《2021 ᠣᠨ᠎ᠤ ᠪᠦᠬᠦ ᠪᠥᠮᠪᠥᠷᠴᠡᠭ᠎ᠤᠨ ᠴᠢᠰᠤᠨ᠎ᠤ ᠠᠮᠤᠷ ᠲᠦᠪᠰᠢᠨ ᠪᠣᠯᠣᠨ ᠬᠦᠷᠲᠡᠬᠦᠶ᠋ᠢᠴᠡ ᠣᠳᠣᠬᠢ ᠪᠠᠶ᠋ᠢᠳᠠᠯ᠎ᠤᠨ ᠮᠡᠳᠡᠭᠦᠯᠦᠯᠲᠡ》᠎ᠠᠴᠠ ᠦᠵᠡᠪᠡᠯ᠂ ᠮᠠᠨ᠎ᠤ ᠤᠯᠤᠰ ᠲᠥᠯᠥᠪᠦᠷᠢ ᠦᠭᠡᠢ᠎ᠪᠠᠷ ᠴᠢᠰᠤ ᠬᠠᠨᠳᠢᠪᠯᠠᠭᠰᠠᠨ ᠶᠡᠷᠦᠩᠬᠡᠢ ᠬᠡᠮᠵᠢᠶ᠎ᠡ᠂ ᠴᠢᠰᠤᠨ᠎ᠤ ᠴᠢᠨᠠᠷ᠎ᠤᠨ ᠠᠮᠤᠷ ᠲᠦᠪᠰᠢᠨ ᠪᠣᠯᠣᠨ ᠡᠮᠴᠢᠯᠡᠭᠡᠨ᠎ᠳᠤ ᠬᠡᠷᠡᠭᠯᠡᠬᠦ ᠴᠢᠰᠤᠨ᠎ᠤ ᠵᠣᠬᠢᠰᠲᠠᠢ ᠲᠦᠪᠰᠢᠨ ᠵᠡᠷᠭᠡ ᠲᠠᠯ᠎ᠠ᠎ᠪᠠᠷ ᠵᠶ᠋ᠠᠨ ᠪᠦᠬᠦ ᠪᠥᠮᠪᠥᠷᠴᠡᠭ᠎ᠤᠨ ᠡᠮᠦᠨ᠎ᠡ ᠡᠩᠨᠡᠭᠡᠨ᠎ᠳᠤ ᠣᠷᠣᠵᠠᠢ᠃
《ᠴᠢᠰᠤ ᠬᠠᠨᠳᠢᠪᠯᠠᠬᠤ ᠬᠠᠤᠯᠢ》᠎ᠳᠤ 《ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠ ᠤᠯᠠᠭ᠋ᠠᠨ ᠵᠠᠭ᠋ᠠᠯᠮᠠᠶ᠋ᠢᠳᠠᠨ᠎ᠤ ᠨᠡᠶ᠋ᠢᠭᠡᠮᠯᠢᠭ ᠴᠢᠰᠤ ᠬᠠᠨᠳᠢᠪᠯᠠᠬᠤ᠎ᠳᠤ ᠢᠳᠡᠪᠬᠢᠯᠡᠭᠰᠡᠨ ᠪᠠ ᠴᠢᠰᠤ ᠬᠠᠨᠳᠢᠪᠯᠠᠬᠤ ᠠᠵᠢᠯ᠎ᠳᠤ ᠢᠯᠡᠳᠲᠡ ᠪᠦᠲᠦᠮᠵᠢ ᠭᠠᠷᠭ᠋ᠠᠭᠰᠠᠨ ᠨᠢᠭᠡᠴᠢ ᠪᠠ ᠬᠤᠪᠢ ᠬᠥᠮᠥᠨ᠎ᠢ ᠱᠠᠩᠨᠠᠨ ᠬᠥᠬᠢᠭᠦᠯᠦᠨ᠎ᠡ》 ᠭᠡᠵᠦ ᠲᠣᠭᠲᠠᠭ᠋ᠠᠵᠠᠢ᠂ ᠪᠦᠬᠦ ᠤᠯᠤᠰ᠎ᠤᠨ ᠲᠥᠯᠥᠪᠦᠷᠢ ᠦᠭᠡᠢ᠎ᠪᠠᠷ ᠴᠢᠰᠤ ᠬᠠᠨᠳᠢᠪᠯᠠᠭᠰᠠᠨ᠎ᠢ ᠬᠥᠬᠢᠭᠦᠯᠬᠦ ᠠᠵᠢᠯᠯᠠᠭ᠎ᠠ ᠵᠢ ᠬᠤᠶᠠᠷ ᠵᠢᠯ᠎ᠳᠤ ᠨᠢᠭᠡ ᠤᠳᠠᠭ᠎ᠠ ᠥᠷᠨᠢᠭᠦᠯᠬᠦ ᠪᠥᠭᠡᠳ ᠨᠡᠶ᠋ᠢᠳᠡ 10 ᠭᠠᠷᠤᠢ ᠤᠳᠠᠭ᠎ᠠ ᠥᠷᠨᠢᠭᠦᠯᠵᠦ᠂ ᠲᠥᠯᠥᠪᠦᠷᠢ ᠦᠭᠡᠢ᠎ᠪᠠᠷ ᠴᠢᠰᠤ ᠬᠠᠨᠳᠢᠪᠯᠠᠭᠰᠠᠳ᠎ᠢ ᠳᠠᠪᠬᠤᠷᠳᠠᠭᠰᠠᠨ ᠲᠤᠭ᠎ᠠ᠎ᠪᠠᠷ 250 ᠲᠦᠮᠡᠨ ᠬᠥᠮᠥᠨ᠎ᠠᠴᠠ ᠳᠡᠭᠡᠭᠰᠢ ᠬᠥᠬᠢᠭᠦᠯᠪᠡ᠃ ᠣᠳᠣᠬᠠᠨ᠎ᠳᠤ ᠪᠥᠬᠦ ᠤᠯᠤᠰ᠎ᠤᠨ ᠮᠠᠰᠢ ᠣᠯᠠᠨ ᠮᠤᠵᠢ ᠣᠷᠣᠨ 《ᠭᠤᠷᠪᠠ ᠵᠢ ᠬᠡᠯᠲᠦᠷᠢᠭᠦᠯᠬᠦ ᠲᠥᠷᠥ ᠵᠢᠨ ᠪᠣᠳᠣᠯᠭ᠎ᠠ》 (ᠲᠤᠬᠠᠶ᠋ᠢᠯᠠᠪᠠᠯ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠪᠠᠭ᠋ᠠᠵᠢ᠎ᠳᠤ ᠲᠥᠯᠥᠪᠦᠷᠢ ᠦᠭᠡᠢ᠎ᠪᠠᠷ ᠰᠠᠭᠤᠬᠤ᠂ ᠵᠠᠰᠠᠭ᠎ᠤᠨ ᠣᠷᠳᠣᠨ᠎ᠤ ᠪᠡᠯᠡ ᠣᠷᠣᠭᠤᠯᠵᠤ ᠭᠤᠣᠯᠯᠠᠨ ᠡᠷᠭᠢᠯᠡᠭᠰᠡᠨ ᠴᠡᠴᠡᠷᠯᠢᠭ ᠵᠶ᠋ᠠᠷ ᠲᠥᠯᠥᠪᠦᠷᠢ ᠦᠭᠡᠢ᠎ᠪᠠᠷ ᠵᠤᠭ᠋ᠠᠴᠠᠬᠤ ᠪᠠ ᠠᠯᠪᠠᠨ᠎ᠤ ᠪᠠᠶ᠋ᠢᠭᠤᠯᠤᠭᠰᠠᠨ ᠡᠮᠨᠡᠯᠭᠡ ᠵᠢᠨ ᠡᠩ᠎ᠤᠨ ᠡᠭᠦᠳᠡᠨ ᠡᠮᠨᠡᠯᠭᠡ ᠵᠢᠨ ᠣᠨᠣᠰᠢᠯᠠᠨ ᠪᠠᠶ᠋ᠢᠴᠠᠭ᠋ᠠᠬᠤ ᠰᠦᠢ᠍ᠳᠬᠡᠯ᠎ᠢ ᠲᠤᠰᠢᠶᠠᠬᠤ ᠦᠭᠡᠢ) ᠵᠢ ᠬᠡᠷᠡᠭᠵᠢᠭᠦᠯᠵᠦ᠂ ᠮᠠᠰᠢ ᠰᠠᠶ᠋ᠢᠨ ᠤᠷᠮᠠᠰᠢᠭᠤᠯᠬᠤ ᠦᠢ᠍ᠯᠡᠳᠦᠯ ᠪᠠᠳᠠᠷᠠᠭᠤᠯᠪᠠ᠃
《ᠴᠢᠰᠤ ᠬᠠᠨᠳᠢᠪᠯᠠᠬᠤ ᠬᠠᠤᠯᠢ》 ᠵᠢ ᠤᠯᠠᠮ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠥᠯᠥᠪᠦᠷᠢ ᠦᠭᠡᠢ᠎ᠪᠠᠷ ᠴᠢᠰᠤ ᠬᠠᠨᠳᠢᠪᠯᠠᠭᠰᠠᠳ᠎ᠤᠨ ᠬᠤᠪᠢ ᠨᠡᠮᠡᠷᠢ ᠦᠵᠡᠭᠦᠯᠬᠦ ᠦᠢ᠍ᠯᠡ ᠠᠵᠢᠯᠯᠠᠭ᠎ᠠ ᠵᠢ ᠨᠤᠲᠠᠯᠠᠨ ᠪᠠᠳᠠᠷᠠᠭᠤᠯᠵᠤ᠂ ᠲᠥᠯᠥᠪᠦᠷᠢ ᠦᠭᠡᠢ᠎ᠪᠠᠷ ᠴᠢᠰᠤ ᠬᠠᠨᠳᠢᠪᠯᠠᠭᠰᠠᠳ᠎ᠤᠨ ᠢᠷᠠᠭᠤ ᠠᠯᠳᠠᠷ᠎ᠤᠨ ᠲᠥᠷᠥᠭᠳᠡᠯ ᠪᠠ ᠬᠦᠷᠲᠡᠮᠵᠢ ᠵᠢᠨ ᠲᠥᠷᠥᠭᠳᠡᠯ᠎ᠢ ᠳᠡᠭᠡᠭᠰᠢᠯᠡᠭᠦᠯᠵᠦ᠂ ᠨᠡᠩ ᠣᠯᠠᠨ ᠨᠡᠶ᠋ᠢᠭᠡᠮ᠎ᠤᠨ ᠣᠯᠠᠨ ᠲᠦᠮᠡᠨ᠎ᠤ ᠬᠠᠯᠠᠮᠵᠢᠯᠠᠬᠤ ᠪᠠ ᠲᠥᠯᠥᠪᠦᠷᠢ ᠦᠭᠡᠢ᠎ᠪᠠᠷ ᠴᠢᠰᠤ ᠬᠠᠨᠳᠢᠪᠯᠠᠬᠤ ᠠᠵᠢᠯᠯᠠᠭ᠎ᠠ᠎ᠳᠤ ᠣᠷᠣᠯᠴᠠᠬᠤ ᠵᠢ ᠤᠷᠮᠠᠰᠢᠭᠤᠯᠬᠤ ᠵᠢᠨ ᠲᠥᠯᠥᠭᠡ᠂ ᠡᠯ᠎ᠡ ᠭᠠᠵᠠᠷ᠎ᠤᠨ ᠲᠥᠯᠥᠪᠦᠷᠢ ᠦᠭᠡᠢ᠎ᠪᠠᠷ ᠴᠢᠰᠤ ᠬᠠᠨᠳᠢᠪᠯᠠᠬᠤ ᠵᠢ ᠤᠷᠮᠠᠰᠢᠭᠤᠯᠤᠨ ᠬᠥᠬᠢᠭᠦᠯᠬᠦ ᠲᠤᠷᠰᠢᠯᠭ᠎ᠠ ᠪᠠ ᠠᠷᠭ᠎ᠠ ᠬᠢᠳᠡᠯ᠎ᠢ ᠳ᠋ᠦᠩᠨᠡᠭᠰᠡᠨ ᠰᠠᠭᠤᠷᠢᠨ ᠳᠡᠭᠡᠷ᠎ᠡ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠨᠢ ᠲᠥᠪ᠎ᠤᠨ ᠤᠬᠠᠭᠤᠯᠬᠤ ᠬᠡᠯᠲᠡᠰ᠂ ᠪᠦᠬᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠲᠥᠪ ᠬᠤᠷᠢᠶ᠎ᠠ᠂ ᠳᠤᠮᠳᠠᠳᠤ ᠤᠯᠤᠰ᠎ᠤᠨ ᠤᠯᠠᠭ᠋ᠠᠨ ᠵᠠᠭ᠋ᠠᠯᠮᠠᠶ᠋ᠢᠳᠠᠨ᠎ᠤ ᠨᠡᠶ᠋ᠢᠭᠡᠮᠯᠢᠭ᠎ᠤᠨ ᠶᠡᠷᠦᠩᠬᠡᠢ ᠡᠪᠯᠡᠯ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠠᠷᠤ ᠲᠠᠯ᠎ᠠ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠬᠡᠯᠲᠡᠰ᠎ᠤᠨ ᠡᠷᠡᠭᠦᠯ ᠬᠠᠮᠠᠭ᠋ᠠᠯᠠᠯ᠎ᠤᠨ ᠲᠣᠪᠴᠢᠶ᠎ᠠ᠎ᠲᠠᠢ ᠬᠠᠮᠲᠤᠷᠠᠨ 《ᠲᠥᠯᠥᠪᠦᠷᠢ ᠦᠭᠡᠢ᠎ᠪᠠᠷ ᠴᠢᠰᠤ ᠬᠠᠨᠳᠢᠪᠯᠠᠭᠰᠠᠳ᠎ᠢ ᠤᠷᠮᠠᠰᠢᠭᠤᠯᠤᠨ ᠬᠥᠬᠢᠭᠦᠯᠬᠦ ᠠᠵᠢᠯ᠎ᠢ ᠤᠯᠠᠮ ᠰᠠᠶ᠋ᠢᠲᠤᠷ ᠬᠢᠬᠦ ᠲᠤᠬᠠᠢ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠪᠠ)᠎ᠢ ᠨᠣᠣᠷᠠᠭᠯᠠᠪᠠ᠃
ᠬᠤᠶᠠᠷ᠂ 《ᠮᠡᠳᠡᠭᠳᠡᠯ》᠎ᠤᠨ ᠭᠤᠣᠯ ᠠᠭᠤᠯᠭ᠎ᠠ
(ᠨᠢᠭᠡ) 《ᠴᠢᠰᠤ ᠬᠠᠨᠳᠢᠪᠯᠠᠬᠤ ᠬᠠᠤᠯᠢ》 ᠵᠢ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠲᠥᠯᠥᠪᠦᠷᠢ ᠦᠭᠡᠢ᠎ᠪᠠᠷ ᠴᠢᠰᠤ ᠬᠠᠨᠳᠢᠪᠯᠠᠭᠰᠠᠨ᠎ᠢ ᠬᠥᠬᠢᠭᠦᠯᠬᠦ ᠠᠵᠢᠯ᠎ᠢ ᠰᠠᠶ᠋ᠢᠲᠤᠷ ᠬᠢᠨ᠎ᠡ᠃ 《ᠮᠡᠳᠡᠭᠳᠡᠯ》᠎ᠳᠤ 《ᠪᠥᠬᠦ ᠤᠯᠤᠰ᠎ᠤᠨ ᠲᠥᠯᠥᠪᠦᠷᠢ ᠦᠭᠡᠢ᠎ᠪᠠᠷ ᠴᠢᠰᠤ ᠬᠠᠨᠳᠢᠪᠯᠡᠭ᠍ᠰᠠᠨᠢ ᠬᠥᠬᠢᠭᠦᠯᠬᠦ ᠠᠷᠭ᠎ᠠ (2022 ᠣᠨ᠎ᠤ ᠬᠡᠪᠯᠡᠯ)》᠎ᠳᠤ ᠳᠤᠷᠠᠳᠤᠭᠰᠠᠨ ᠲᠥᠯᠥᠪᠦᠷᠢ ᠦᠭᠡᠢ᠎ᠪᠠᠷ ᠴᠢᠰᠤ ᠬᠠᠨᠳᠢᠪᠯᠡᠭ᠍ᠰᠠᠨ ᠱᠠᠩᠨᠠᠯ᠎ᠤᠨ ᠨᠠᠰᠤᠨ ᠲᠤᠷᠰᠢᠲᠠ ᠵᠢᠨ ᠢᠷᠠᠭᠤ ᠠᠯᠳᠠᠷ᠎ᠢ ᠬᠦᠷᠲᠡᠭᠴᠢ᠎ᠨᠢ ᠦᠷᠭᠦᠯᠵᠢᠯᠡᠨ ᠱᠠᠭ᠋ᠠᠷᠳᠠᠯᠭ᠎ᠠ ᠶᠣᠰᠣᠭ᠋ᠠᠷ ᠲᠥᠯᠥᠪᠦᠷᠢ ᠦᠭᠡᠢ᠎ᠪᠠᠷ ᠴᠢᠰᠤ ᠬᠠᠨᠳᠢᠪᠯᠡᠭ᠍ᠰᠠᠨ ᠱᠠᠩᠨᠠᠯ᠎ᠤᠨ ᠪᠤᠰᠤᠳ ᠱᠠᠩᠨᠠᠯ (ᠭᠠᠤᠯᠢ᠂ ᠮᠥᠩᠭᠦ᠂ ᠠᠯᠲᠠᠨ ᠮᠧᠳᠠᠯ)᠎ᠢ ᠭᠤᠶᠤᠴᠢᠯᠠᠵᠤ ᠪᠣᠯᠣᠨ᠎ᠠ ᠭᠡᠵᠦ ᠤᠯᠠᠮ ᠲᠣᠳᠣᠷᠬᠠᠢ ᠲᠣᠭᠲᠠᠭ᠋ᠠᠪᠠ᠃ ᠡᠭᠦᠨ᠎ᠠᠴᠠ ᠭᠠᠳᠠᠨ᠎ᠠ᠂ ᠲᠥᠯᠥᠪᠦᠷᠢ ᠦᠭᠡᠢ᠎ᠪᠠᠷ ᠴᠢᠰᠤ ᠬᠠᠨᠳᠢᠪᠯᠠᠬᠤ ᠠᠵᠢᠯ ᠥᠷᠨᠢᠭᠦᠯᠦᠭᠰᠡᠨ ᠪᠠᠶ᠋ᠢᠳᠠᠯ᠎ᠢ ᠡᠯ᠎ᠡ ᠭᠠᠵᠠᠷ᠎ᠤᠨ ᠣᠶᠤᠨ᠎ᠤ ᠪᠣᠯᠪᠠᠰᠤᠨ᠎ᠤ ᠪᠠᠶ᠋ᠢᠭᠤᠯᠤᠯᠲᠠ᠂ ᠡᠷᠡᠭᠦᠯ ᠬᠠᠮᠠᠭ᠋ᠠᠯᠠᠯ᠎ᠤᠨ ᠬᠤᠲᠠ ᠵᠢ ᠡᠭᠦᠳᠦᠨ ᠪᠠᠶ᠋ᠢᠭᠤᠯᠬᠤ᠂ ᠪᠣᠯᠪᠠᠰᠤᠨ ᠨᠢᠭᠡᠴᠢ ᠵᠢ ᠰᠢᠯᠭ᠋ᠠᠷᠠᠭᠤᠯᠬᠤ ᠵᠡᠷᠭᠡ ᠬᠢᠨᠠᠨ ᠰᠢᠯᠭ᠋ᠠᠬᠤ ᠠᠭᠤᠯᠭ᠎ᠠ᠎ᠳᠤ ᠣᠷᠣᠭᠤᠯᠬᠤ ᠵᠢ ᠵᠣᠷᠢᠭᠵᠢᠭᠤᠯᠤᠨ᠎ᠠ᠃ ᠲᠥᠯᠥᠪᠦᠷᠢ ᠦᠭᠡᠢ᠎ᠪᠠᠷ ᠴᠢᠰᠤ ᠬᠠᠨᠳᠢᠪᠯᠠᠬᠤ᠎ᠳᠤ ᠲᠣᠪᠣᠶ᠋ᠢᠮ᠎ᠠ ᠬᠤᠪᠢ ᠨᠡᠮᠡᠷᠢ ᠦᠵᠡᠭᠦᠯᠦᠭᠰᠡᠨ ᠬᠤᠪᠢ ᠬᠥᠮᠥᠨ᠎ᠢ ᠰᠢᠯᠢᠳᠡᠭ ᠰᠢᠯᠭ᠋ᠠᠷᠠᠭᠤᠯᠬᠤ᠎ᠳᠤ ᠤᠷᠢᠳᠴᠢᠯᠠᠨ ᠪᠣᠳᠣᠯᠬᠢᠯᠠᠬᠤ ᠵᠢ ᠰᠠᠨᠠᠭ᠋ᠠᠴᠢᠯᠠᠨ᠎ᠠ᠃
(ᠬᠤᠶᠠᠷ) ᠲᠥᠯᠥᠪᠦᠷᠢ ᠦᠭᠡᠢ᠎ᠪᠠᠷ ᠴᠢᠰᠤ ᠬᠠᠨᠳᠢᠪᠯᠠᠭᠰᠠᠳ᠎ᠢ ᠬᠥᠬᠢᠭᠦᠯᠬᠦ ᠠᠷᠭ᠎ᠠ ᠵᠢ ᠢᠳᠡᠪᠬᠢᠲᠡᠢ᠎ᠪᠠᠷ ᠰᠦᠪᠡᠭᠴᠢᠯᠡᠨ ᠲᠡᠭᠦᠯᠳᠡᠷᠵᠢᠭᠦᠯᠬᠦ ᠵᠢ ᠵᠣᠷᠢᠭᠵᠢᠭᠤᠯᠤᠨ᠎ᠠ᠃ ᠡᠯ᠎ᠡ ᠭᠠᠵᠠᠷ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠤᠨ ᠰᠠᠭᠤᠷᠢᠨ ᠳᠡᠭᠡᠷ᠎ᠡ 《ᠭᠤᠷᠪᠠ ᠵᠢ ᠬᠡᠯᠲᠦᠷᠢᠭᠦᠯᠬᠦ ᠲᠥᠷᠥ ᠵᠢᠨ ᠪᠣᠳᠣᠯᠭ᠎ᠠ》 ᠵᠢᠨ ᠨᠠᠶ᠋ᠢᠳᠠᠪᠤᠷᠢᠵᠢᠭᠤᠯᠤᠯᠲᠠ ᠵᠢ ᠤᠯᠠᠮ ᠴᠢᠨᠠᠭᠰᠢᠳᠠ ᠠᠬᠢᠭᠤᠯᠵᠤ᠂ ᠬᠡᠷᠡᠭᠵᠢᠭᠦᠯᠬᠦ ᠨᠠᠷᠢᠨ ᠳᠦᠷᠢᠮ ᠲᠣᠭᠲᠠᠭ᠋ᠠᠬᠤ ᠵᠢᠨ ᠬᠠᠮᠲᠤ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠨᠠᠩ ᠣᠯᠠᠨ ᠪᠦᠲᠦᠮᠵᠢᠲᠡᠶ ᠤᠷᠮᠠᠰᠢᠭᠤᠯᠬᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠲᠥᠯᠥᠪᠦᠷᠢ ᠦᠭᠡᠢ᠎ᠪᠠᠷ ᠴᠢᠰᠤ ᠬᠠᠨᠳᠢᠪᠯᠠᠭᠰᠠᠳ᠎ᠤᠨ ᠬᠦᠷᠲᠡᠮᠵᠢ ᠵᠢᠨ ᠲᠥᠷᠥᠭᠳᠡᠯ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠠᠩ ᠣᠯᠠᠨ ᠨᠡᠶ᠋ᠢᠭᠡᠮ᠎ᠤᠨ ᠣᠯᠠᠨ ᠲᠦᠮᠡᠨ᠎ᠢ ᠲᠥᠯᠥᠪᠦᠷᠢ ᠦᠭᠡᠢ᠎ᠪᠠᠷ ᠴᠢᠰᠤ ᠬᠠᠨᠳᠢᠪᠯᠠᠬᠤ᠎ᠳᠤ ᠣᠷᠣᠯᠴᠠᠭᠤᠯᠬᠤ ᠵᠢ ᠵᠣᠷᠢᠭᠵᠢᠭᠤᠯᠤᠨ᠎ᠠ᠃
(ᠭᠤᠷᠪᠠ) ᠲᠥᠯᠥᠪᠦᠷᠢ ᠦᠭᠡᠢ᠎ᠪᠠᠷ ᠴᠢᠰᠤ ᠬᠠᠨᠳᠢᠪᠯᠠᠬᠤ ᠦᠢ᠍ᠯᠡᠴᠢᠯᠡᠭᠡᠨ᠎ᠤ ᠴᠢᠨᠠᠷ ᠪᠠ ᠲᠦᠪᠰᠢᠨ᠎ᠢ ᠤᠯᠠᠮ ᠳᠡᠭᠡᠭᠰᠢᠯᠡᠭᠦᠯᠬᠦ ᠵᠢ ᠴᠢᠬᠤᠯᠠᠴᠢᠯᠠᠨ᠎ᠠ᠃ 《ᠴᠢᠰᠤ ᠬᠠᠨᠳᠢᠪᠯᠠᠭᠴᠢ᠎ᠪᠠᠷ ᠭᠤᠣᠯᠯᠠᠬᠤ》 ᠦᠢ᠍ᠯᠡᠴᠢᠯᠡᠭᠡᠨ᠎ᠤ ᠦᠵᠡᠯ ᠪᠣᠳᠣᠯ᠎ᠢ ᠪᠣᠶ ᠪᠣᠯᠭ᠋ᠠᠵᠤ᠂ ᠴᠢᠰᠤ ᠬᠠᠨᠳᠢᠪᠯᠠᠭᠴᠢ ᠵᠢᠨ ᠠᠩᠬᠠᠷᠴᠤ ᠪᠠᠶ᠋ᠢᠭ᠎ᠠ ᠠᠰᠠᠭᠤᠳᠠᠯ᠎ᠢ ᠴᠠᠭ ᠲᠤᠬᠠᠢᠳᠤᠨᠢ ᠰᠢᠢ᠍ᠳᠪᠦᠷᠢᠯᠡᠬᠦ ᠬᠡᠷᠡᠭᠲᠡᠢ᠃ ᠦᠢ᠍ᠯᠡᠴᠢᠯᠡᠭᠡᠨ᠎ᠤ ᠶᠠᠪᠤᠴᠠ ᠵᠢ ᠲᠡᠭᠦᠯᠳᠡᠷᠵᠢᠭᠦᠯᠦᠨ ᠰᠢᠯᠢᠳᠡᠭᠵᠢᠭᠦᠯᠬᠦ᠂ ᠴᠢᠰᠤ ᠬᠠᠨᠳᠢᠪᠯᠡᠬᠤ ᠣᠷᠴᠢᠨ ᠲᠣᠭᠤᠷᠢᠨ᠎ᠢ ᠰᠠᠶ᠋ᠢᠵᠢᠷᠠᠭᠤᠯᠬᠤ᠂ ᠪᠣᠯᠵᠣᠵᠤ ᠴᠢᠰᠤ ᠬᠠᠨᠳᠢᠪᠯᠡᠬᠤ ᠵᠢ ᠠᠬᠢᠭᠤᠯᠬᠤ᠂ ᠬᠦᠯᠢᠶᠡᠬᠦ ᠴᠠᠭ᠎ᠢ ᠪᠣᠭᠤᠨᠢᠰᠬᠠᠬᠤ᠎ᠪᠠᠷ ᠳᠠᠮᠵᠢᠭᠤᠯᠤᠨ᠂ ᠲᠥᠯᠥᠪᠦᠷᠢ ᠦᠭᠡᠢ᠎ᠪᠠᠷ ᠴᠢᠰᠤ ᠬᠠᠨᠳᠢᠪᠯᠠᠭᠰᠠᠳ᠎ᠤᠨ ᠣᠶ᠋ᠢᠯᠠᠭ᠋ᠠᠯᠲᠠ ᠪᠠ ᠬᠠᠨᠤᠮᠵᠢ ᠵᠢ ᠳᠡᠭᠡᠭᠰᠢᠯᠡᠭᠦᠯᠦᠨ᠎ᠡ᠃ 《ᠢᠨᠲ᠋ᠧᠷ ᠰᠦᠯᠵᠢᠶ᠎ᠡ + ᠲᠥᠯᠥᠪᠦᠷᠢ ᠦᠭᠡᠢ᠎ᠪᠠᠷ ᠴᠢᠰᠤ ᠬᠠᠨᠳᠢᠪᠯᠠᠬᠤ》 ᠦᠢ᠍ᠯᠡᠴᠢᠯᠡᠭᠡᠨ᠎ᠤ ᠵᠠᠭᠪᠤᠷ᠎ᠢ ᠠᠬᠢᠭᠤᠯᠵᠤ᠂ ᠴᠢᠰᠤ ᠬᠠᠨᠳᠢᠪᠯᠠᠭᠴᠢ᠎ᠳᠤ ᠥᠪᠡᠷᠮᠢᠴᠡ᠂ ᠨᠠᠷᠢᠯᠢᠭ ᠦᠢ᠍ᠯᠡᠴᠢᠯᠡᠭᠡ ᠬᠠᠩᠭ᠋ᠠᠨ᠎ᠠ᠃ ᠲᠥᠯᠥᠪᠦᠷᠢ ᠦᠭᠡᠢ᠎ᠪᠠᠷ ᠴᠢᠰᠤ ᠬᠠᠨᠳᠢᠪᠯᠠᠭᠰᠠᠨ ᠲᠡᠷᠢᠭᠦᠨ᠎ᠤ ᠬᠥᠮᠥᠰ ᠪᠠ ᠨᠡᠶ᠋ᠢᠲᠡᠯᠢᠭ ᠦᠢ᠍ᠯᠡ ᠠᠵᠢᠯᠯᠠᠭ᠎ᠠ ᠵᠢ ᠤᠬᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠨᠡᠶ᠋ᠢᠭᠡᠮ᠎ᠤᠨ ᠢᠳᠡᠪᠬᠢ ᠬᠦᠴᠦᠨ᠎ᠢ ᠳᠠᠮᠵᠢᠭᠤᠯᠵᠤ᠂ ᠮᠠᠨ᠎ᠤ ᠤᠯᠤᠰ᠎ᠤᠨ ᠲᠥᠯᠥᠪᠦᠷᠢ ᠦᠭᠡᠢ᠎ᠪᠠᠷ ᠴᠢᠰᠤ ᠬᠠᠨᠳᠢᠪᠯᠠᠬᠤ ᠦᠢ᠍ᠯᠡᠰ᠎ᠤᠨ ᠦᠷᠭᠦᠯᠵᠢᠯᠡᠨ ᠬᠥᠭᠵᠢᠬᠦ ᠵᠢ ᠠᠬᠢᠭᠤᠯᠤᠨ᠎ᠠ᠃