ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠶᠣᠯ ᠵᠢᠭᠤᠯᠴᠢᠯᠠᠯ
ᠰᠣᠶᠣᠯ ᠡᠷᠳᠡᠨᠢ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ 《ᠦᠷᠡᠵᠢᠯ᠎ᠢ ᠳᠡᠮᠵᠢᠬᠦ ᠲᠥᠷᠥ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠲᠦᠷᠭᠡᠳᠬᠡᠨ ᠲᠡᠭᠦᠯᠳᠡᠷᠵᠢᠭᠦᠯᠵᠦ ᠦᠷᠡᠵᠢᠯ᠎ᠳᠤ ᠡᠭᠡᠯᠢᠲᠡᠢ ᠨᠡᠶ᠋ᠢᠭᠡᠮ᠎ᠤᠨ ᠪᠠᠶ᠋ᠢᠭᠤᠯᠤᠯᠲᠠ ᠵᠢ ᠠᠬᠢᠭᠤᠯᠬᠤ ᠲᠤᠬᠠᠢ ᠠᠷᠭ᠎ᠠ ᠬᠡᠮᠵᠢᠶ᠎ᠡ᠎ᠨᠦᠭᠦᠳ》᠎ᠢ ᠳᠠᠷᠤᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2024-11-04

       ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ ᠲᠦᠷᠦᠭᠦᠬᠡᠨ 《ᠦᠷᠡᠵᠢᠯ᠎ᠢ ᠳᠡᠮᠵᠢᠬᠦ ᠲᠥᠷᠥ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠲᠦᠷᠭᠡᠳᠬᠡᠨ ᠲᠡᠭᠦᠯᠳᠡᠷᠵᠢᠭᠦᠯᠵᠦ ᠦᠷᠡᠵᠢᠯ᠎ᠳᠤ ᠡᠭᠡᠯᠢᠲᠡᠢ ᠨᠡᠶ᠋ᠢᠭᠡᠮ᠎ᠤᠨ ᠪᠠᠶ᠋ᠢᠭᠤᠯᠤᠯᠲᠠ ᠵᠢ ᠠᠬᠢᠭᠤᠯᠬᠤ ᠲᠤᠬᠠᠢ ᠠᠷᠭ᠎ᠠ ᠬᠡᠮᠵᠢᠶ᠎ᠡ᠎ᠨᠦᠭᠦᠳ》 (ᠳᠣᠣᠷ᠎ᠠ 《ᠠᠷᠭ᠎ᠠ ᠬᠡᠮᠵᠢᠶ᠎ᠡ᠎ᠨᠦᠭᠦᠳ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃
     《ᠠᠷᠭ᠎ᠠ ᠬᠡᠮᠵᠢᠶ᠎ᠡ᠎ᠨᠦᠭᠦᠳ》᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠠ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠵᠤ᠂ ᠠᠷᠠᠳ ᠲᠦᠮᠡᠨ ᠵᠶ᠋ᠠᠷ ᠭᠤᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠬᠥᠮᠥᠨ ᠠᠮᠠ ᠵᠢᠨ ᠬᠥᠭᠵᠢᠯᠲᠡ ᠵᠢᠨ ᠰᠢᠨ᠎ᠡ ᠬᠡᠪ ᠪᠠᠶ᠋ᠢᠳᠠᠯ᠎ᠢ ᠲᠠᠨᠢᠵᠤ᠂ ᠵᠣᠬᠢᠴᠠᠵᠤ᠂ ᠬᠥᠲᠥᠯᠥᠨ ᠳᠠᠭ᠋ᠠᠭᠤᠯᠵᠤ᠂ ᠦᠷᠡᠵᠢᠯ᠎ᠢ ᠳᠡᠮᠵᠢᠬᠦ ᠲᠥᠷᠥ ᠵᠢᠨ ᠪᠣᠳᠣᠯᠭ᠎ᠠ ᠵᠢᠨ ᠲᠣᠭᠲᠠᠯᠴᠠᠭ᠎ᠠ ᠪᠠ ᠤᠷᠮᠠᠰᠢᠭᠤᠯᠬᠤ ᠲᠣᠭᠲᠠᠴᠠ ᠵᠢ ᠲᠡᠭᠦᠯᠳᠡᠷᠵᠢᠭᠦᠯᠦᠨ᠂ ᠪᠥᠬᠦ ᠬᠥᠮᠥᠰ᠂ ᠪᠥᠬᠦ ᠠᠮᠢ ᠨᠠᠰᠤᠨ᠎ᠤ ᠦᠶᠡᠯᠡᠯ᠎ᠤᠨ ᠬᠤᠭᠤᠴᠠᠭ᠎ᠠ ᠵᠢ ᠬᠠᠮᠤᠷᠤᠭᠰᠠᠨ ᠬᠥᠮᠥᠨ ᠠᠮᠠ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠪᠦᠷᠢᠨᠰᠢᠭᠦᠯᠵᠦ᠂ ᠲᠦᠷᠦᠵᠦ ᠬᠥᠩᠭᠡᠵᠢᠬᠦ᠂ ᠥᠰᠬᠡᠨ ᠪᠣᠶ᠋ᠢᠵᠢᠭᠤᠯᠬᠤ᠂ ᠰᠤᠷᠭ᠋ᠠᠨ ᠬᠥᠮᠥᠵᠢᠭᠦᠯᠬᠦ ᠥᠪᠡᠷ᠎ᠤᠨ ᠥᠷᠲᠡᠭ᠎ᠢ ᠪᠦᠲᠦᠮᠵᠢᠲᠡᠶ ᠪᠠᠭᠤᠷᠠᠭᠤᠯᠵᠤ᠂ ᠪᠥᠬᠦ ᠨᠡᠶ᠋ᠢᠭᠡᠮ ᠵᠶ᠋ᠠᠷ ᠵᠶ᠋ᠠᠨ ᠦᠷᠡᠵᠢᠯ᠎ᠢ ᠬᠦᠨᠳᠦᠳᠬᠡᠬᠦ᠂ ᠦᠷᠡᠵᠢᠯ᠎ᠢ ᠳᠡᠮᠵᠢᠬᠦ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠵᠤ᠂ ᠵᠣᠬᠢᠰᠲᠠᠢ ᠦᠷᠡᠵᠢᠯ᠎ᠤᠨ ᠬᠢᠷᠢ ᠲᠦᠪᠰᠢᠨ᠎ᠲᠠᠢ ᠪᠣᠯᠭ᠋ᠠᠬᠤ ᠵᠢ ᠲᠦᠯᠬᠢᠨ ᠠᠬᠢᠭᠤᠯᠵᠤ᠂ ᠬᠥᠮᠥᠨ ᠠᠮᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠬᠤ ᠪᠣᠯᠣᠨ᠎ᠠ᠃
     《ᠠᠷᠭ᠎ᠠ ᠬᠡᠮᠵᠢᠶ᠎ᠡ᠎ᠨᠦᠭᠦᠳ》᠎ᠲᠤ ᠦᠷᠡᠵᠢᠯ᠎ᠢ ᠳᠡᠮᠵᠢᠬᠦ ᠰᠢᠷᠢᠰ ᠠᠷᠭ᠎ᠠ ᠬᠡᠮᠵᠢᠶ᠎ᠡ ᠵᠢ 4 ᠲᠠᠯ᠎ᠠ᠎ᠠᠴᠠ ᠳᠤᠷᠠᠳᠤᠨ ᠭᠠᠷᠭ᠋ᠠᠪᠠ᠃
      ᠨᠢᠭᠡ᠎ᠳᠤ᠂ ᠦᠷᠡᠵᠢᠯ᠎ᠤᠨ ᠦᠢ᠍ᠯᠡᠴᠢᠯᠡᠭᠡᠨ᠎ᠤ ᠳᠡᠮᠵᠢᠯᠭᠡ ᠵᠢ ᠴᠢᠩᠭ᠋ᠠᠳᠬᠠᠨ᠎ᠠ᠃ ᠦᠷᠡᠵᠢᠯ᠎ᠤᠨ ᠳᠠᠭ᠋ᠠᠳᠬᠠᠯ᠎ᠤᠨ ᠪᠠᠲᠤᠯᠠᠭ᠎ᠠ ᠵᠢᠨ ᠴᠢᠳᠠᠮᠵᠢ ᠵᠢ ᠴᠢᠩᠭ᠋ᠠᠷᠠᠭᠤᠯᠵᠤ᠂ ᠨᠥᠬᠦᠴᠡᠯ᠎ᠲᠠᠢ ᠭᠠᠵᠠᠷ᠎ᠢ ᠵᠢᠯᠣᠭᠤᠳᠴᠤ ᠪᠠᠶ᠋ᠢᠭ᠋ᠠᠳ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠭᠰᠠᠨ ᠠᠮᠢᠳᠤᠯᠢᠭ ᠵᠶ᠋ᠠᠷ ᠠᠵᠢᠯ ᠣᠯᠣᠭᠰᠠᠳ᠂ ᠬᠦᠯᠦᠰᠦᠨ ᠠᠵᠢᠯᠴᠢᠳ᠂ ᠠᠵᠢᠯ ᠣᠯᠭᠤᠯᠲᠠ ᠵᠢᠨ ᠰᠢᠨ᠎ᠡ ᠬᠡᠯᠪᠡᠷᠢ ᠪᠦᠬᠦᠢ ᠬᠥᠮᠥᠰ᠎ᠢ ᠦᠷᠡᠵᠢᠯ᠎ᠤᠨ ᠳᠠᠭ᠋ᠠᠳᠬᠠᠯ᠎ᠳᠤ ᠣᠷᠣᠯᠴᠠᠭᠤᠯᠤᠨ᠎ᠠ᠃ ᠦᠷᠡᠵᠢᠯ᠎ᠤᠨ ᠠᠮᠠᠷᠠᠯᠲᠠ ᠵᠢᠨ ᠳᠦᠷᠢᠮ᠎ᠢ ᠲᠡᠭᠦᠯᠳᠡᠷᠵᠢᠭᠦᠯᠵᠦ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠬᠥᠩᠭᠡᠵᠢᠬᠦ ᠴᠢᠯᠦᠭᠡ᠂ ᠬᠥᠩᠭᠡᠵᠢᠬᠦ ᠵᠢ ᠱᠠᠩᠨᠠᠬᠤ ᠴᠢᠯᠦᠭᠡ᠂ ᠬᠥᠩᠭᠡᠵᠢᠬᠦ᠎ᠳᠤ ᠪᠠᠷ᠎ᠠ ᠪᠣᠯᠬᠤ ᠴᠢᠯᠦᠭᠡ᠂ ᠬᠡᠦᠬᠡᠳ ᠰᠠᠭ᠋ᠠᠲᠠᠭᠤᠯᠬᠤ ᠴᠢᠯᠦᠭᠡ ᠵᠡᠷᠭᠡ ᠦᠷᠡᠵᠢᠯ᠎ᠤᠨ ᠠᠮᠠᠷᠠᠯᠲᠠ ᠵᠢ ᠰᠠᠶ᠋ᠢᠲᠤᠷ ᠨᠠᠶ᠋ᠢᠳᠠᠪᠤᠷᠢᠵᠢᠭᠤᠯᠤᠨ ᠪᠤᠲᠠᠲᠠᠶ᠋ᠢᠵᠢᠭᠤᠯᠬᠤ ᠵᠢ ᠪᠠᠲᠤᠯᠠᠨ᠎ᠠ᠃ ᠦᠷᠡᠵᠢᠯ᠎ᠤᠨ ᠨᠡᠮᠡᠭᠦᠷᠢ ᠵᠢᠨ ᠳᠦᠷᠢᠮ᠎ᠢ ᠪᠠᠶ᠋ᠢᠭᠤᠯᠵᠤ᠂ ᠣᠷᠣᠨ ᠨᠤᠲᠤᠭ᠎ᠤᠨ᠎ᠬᠢᠨ᠎ᠢ ᠵᠢᠯᠣᠭᠤᠳᠴᠤ ᠪᠠᠶ᠋ᠢᠭ᠋ᠠᠳ ᠲᠥᠷᠥ ᠵᠢᠨ ᠪᠣᠳᠣᠯᠭ᠎ᠠ᠎ᠪᠠᠨ ᠵᠣᠯᠭ᠋ᠠᠭᠤᠯᠬᠤ ᠠᠵᠢᠯ᠎ᠢ ᠰᠠᠶ᠋ᠢᠲᠤᠷ ᠬᠢᠵᠦ᠂ ᠨᠠᠶ᠋ᠢᠳᠠᠪᠤᠷᠢᠵᠢᠭᠤᠯᠤᠯᠲᠠ ᠵᠢ ᠢᠳᠡᠪᠬᠢᠲᠡᠢ ᠪᠦᠭᠡᠳ ᠯᠠᠪᠳᠠᠭᠤᠨ ᠰᠠᠶ᠋ᠢᠲᠤᠷ ᠠᠳᠬᠤᠨ᠎ᠠ᠃ ᠦᠷᠡᠵᠢᠯ᠎ᠤᠨ ᠡᠷᠡᠭᠦᠯ ᠮᠡᠨᠳᠦ ᠵᠢᠨ ᠦᠢ᠍ᠯᠡᠴᠢᠯᠡᠭᠡ ᠵᠢ ᠴᠢᠩᠭ᠋ᠠᠳᠬᠠᠵᠤ᠂ ᠡᠯ᠎ᠡ ᠭᠠᠵᠠᠷ᠎ᠤᠨ᠎ᠬᠢᠨ᠎ᠢ ᠵᠢᠯᠣᠭᠤᠳᠴᠤ ᠪᠠᠶ᠋ᠢᠭ᠋ᠠᠳ ᠬᠥᠩᠭᠡᠵᠢᠬᠦ᠎ᠳᠤ ᠡᠪᠡᠳᠬᠦ ᠵᠢ ᠵᠣᠭᠰᠣᠭ᠋ᠠᠬᠤ ᠵᠢᠴᠢ ᠦᠷᠡᠵᠢᠯ᠎ᠳᠤ ᠲᠤᠰᠠᠯᠠᠬᠤ ᠲᠣᠬᠢᠷᠠᠮᠵᠢᠲᠠᠢ ᠮᠡᠷᠭᠡᠵᠢᠯ᠎ᠤᠨ ᠲᠥᠷᠥᠯ ᠵᠦᠢ᠍ᠯ᠎ᠢ ᠡᠮᠴᠢᠯᠡᠭᠡᠨ᠎ᠤ ᠳᠠᠭ᠋ᠠᠳᠬᠠᠯ᠎ᠤᠨ ᠲᠠᠩᠰᠠ ᠲᠠᠶ᠋ᠢᠯᠬᠤ ᠬᠡᠪᠴᠢᠶᠡᠨ᠎ᠳᠤ ᠣᠷᠣᠭᠤᠯᠤᠨ᠎ᠠ᠃
      ᠬᠤᠶᠠᠷ᠎ᠲᠤ᠂ ᠨᠢᠯᠬᠠᠰ᠎ᠢ ᠪᠣᠶ᠋ᠢᠵᠢᠭᠤᠯᠬᠤ ᠦᠢ᠍ᠯᠡᠴᠢᠯᠡᠭᠡᠨ᠎ᠤ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠬᠡᠦᠬᠡᠳ᠎ᠤᠨ ᠡᠮᠴᠢᠯᠡᠭᠡᠨ᠎ᠤ ᠦᠢ᠍ᠯᠡᠴᠢᠯᠡᠭᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠨᠥᠬᠦᠴᠡᠯ᠎ᠳᠤ ᠨᠡᠶ᠋ᠢᠴᠡᠭᠰᠡᠨ ᠬᠡᠦᠬᠡᠳ᠎ᠲᠤ ᠬᠡᠷᠡᠭᠯᠡᠬᠦ ᠡᠮ᠎ᠢ ᠴᠠᠭ ᠲᠤᠬᠠᠢ᠎ᠳᠤ᠎ᠨᠢ ᠲᠠᠰ ᠳᠠᠷᠠᠭ᠋ᠠᠯᠠᠯ ᠶᠣᠰᠣᠭ᠋ᠠᠷ ᠡᠮᠴᠢᠯᠡᠭᠡᠨ᠎ᠤ ᠳᠠᠭ᠋ᠠᠳᠬᠠᠯ᠎ᠤᠨ ᠲᠠᠩᠰᠠ ᠲᠠᠶ᠋ᠢᠯᠬᠤ ᠬᠡᠪᠴᠢᠶᠡᠨ᠎ᠳᠤ ᠣᠷᠣᠭᠤᠯᠤᠨ᠎ᠠ᠃ ᠲᠦᠭᠡᠮᠡᠯ ᠬᠠᠷᠠᠭ᠋ᠠᠯᠵᠠᠯᠲᠤ ᠨᠠᠶ᠋ᠢᠳᠠᠨ ᠰᠠᠭ᠋ᠠᠲᠠᠭᠤᠯᠬᠤ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠨᠡᠮᠡᠭᠳᠡᠭᠦᠯᠵᠦ᠂ ᠨᠠᠶ᠋ᠢᠳᠠᠨ ᠰᠠᠭ᠋ᠠᠲᠠᠭᠤᠯᠬᠤ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠲᠥᠪ᠎ᠢ ᠲᠤᠰᠬᠠᠢ ᠣᠷᠣᠨ᠎ᠤ ᠳᠡᠰ᠎ᠤᠨ ᠣᠷᠣᠨ ᠬᠤᠲᠠ ᠵᠢᠨ ᠱᠠᠲᠤᠨ᠎ᠳᠤ ᠨᠡᠶ᠋ᠢᠳᠡᠮ ᠪᠦᠷᠬᠦᠭᠦᠯᠬᠦ ᠵᠢ ᠤᠷᠢᠳ ᠵᠶ᠋ᠠᠷ ᠪᠡᠶᠡᠯᠡᠭᠦᠯᠵᠦ᠂ ᠨᠡᠶ᠋ᠢᠭᠡᠮ ᠲᠣᠭᠤᠷᠢᠭ᠎ᠲᠤ ᠰᠢᠭᠢᠳᠬᠡᠯᠲᠦ ᠮᠠᠶᠢᠭ ᠵᠶ᠋ᠠᠷ ᠨᠠᠶ᠋ᠢᠳᠠᠨ ᠰᠠᠭ᠋ᠠᠲᠠᠭᠤᠯᠬᠤ ᠵᠢ ᠶᠡᠭᠡ᠎ᠪᠠᠷ ᠬᠥᠭᠵᠢᠭᠦᠯᠵᠦ᠂ ᠬᠥᠮᠥᠨ ᠬᠡᠷᠡᠭᠯᠡᠬᠦ ᠨᠢᠭᠡᠴᠢ ᠵᠢᠨ ᠨᠠᠶ᠋ᠢᠳᠠᠨ ᠰᠠᠭ᠋ᠠᠲᠠᠭᠤᠯᠬᠤ ᠦᠢ᠍ᠯᠡᠴᠢᠯᠡᠭᠡᠨ᠎ᠤ ᠪᠠᠶ᠋ᠢᠭᠤᠯᠤᠮᠵᠢ ᠡᠷᠭᠢᠯᠡᠬᠦ᠂ ᠭᠡᠷ ᠪᠦᠯᠢ᠎ᠳᠤ ᠨᠠᠶ᠋ᠢᠳᠠᠨ ᠰᠠᠭ᠋ᠠᠲᠠᠭᠤᠯᠬᠤ ᠴᠡᠭ ᠭᠠᠷᠭ᠋ᠠᠬᠤ ᠵᠡᠷᠭᠡ ᠣᠯᠠᠨ ᠵᠦᠢ᠍ᠯ᠎ᠤᠨ ᠬᠡᠪ ᠵᠠᠭᠪᠤᠷ ᠵᠶ᠋ᠠᠷ ᠬᠥᠭᠵᠢᠭᠦᠯᠬᠦ ᠵᠢ ᠢᠳᠡᠪᠬᠢᠲᠡᠢ ᠳᠡᠮᠵᠢᠵᠦ᠂ ᠬᠡᠦᠬᠡᠳ᠎ᠢ ᠨᠠᠶ᠋ᠢᠳᠠᠨ ᠰᠠᠭ᠋ᠠᠲᠠᠭᠤᠯᠬᠤ ᠪᠠ ᠠᠰᠠᠷᠠᠵᠤ ᠬᠥᠮᠥᠵᠢᠭᠦᠯᠬᠦ ᠵᠢ ᠨᠢᠭᠡ ᠴᠣᠭᠴᠠᠵᠢᠭᠤᠯᠤᠭᠰᠠᠨ ᠦᠢ᠍ᠯᠡᠴᠢᠯᠡᠭᠡ ᠵᠢ ᠶᠡᠭᠡ᠎ᠪᠠᠷ ᠬᠥᠭᠵᠢᠭᠦᠯᠦᠨ᠎ᠡ᠃ ᠲᠦᠭᠡᠮᠡᠯ ᠬᠠᠷᠠᠭ᠋ᠠᠯᠵᠠᠯᠲᠤ ᠨᠠᠶ᠋ᠢᠳᠠᠨ ᠰᠠᠭ᠋ᠠᠲᠠᠭᠤᠯᠬᠤ ᠵᠢ ᠳᠡᠮᠵᠢᠬᠦ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠨᠥᠬᠦᠴᠡᠯ᠎ᠲᠠᠢ ᠭᠠᠵᠠᠷ ᠣᠷᠣᠨ᠎ᠤ ᠪᠤᠲᠠᠲᠠᠢ᠎ᠲᠠᠢ᠎ᠪᠠᠨ ᠤᠶᠠᠯᠳᠤᠭᠤᠯᠤᠨ ᠲᠦᠭᠡᠮᠡᠯ ᠬᠠᠷᠠᠭ᠋ᠠᠯᠵᠠᠯᠲᠤ ᠬᠡᠦᠬᠡᠳ ᠰᠠᠭ᠋ᠠᠲᠠᠭᠤᠯᠬᠤ ᠪᠠᠶ᠋ᠢᠭᠤᠯᠤᠮᠵᠢ᠎ᠳᠤ ᠵᠣᠬᠢᠬᠤ ᠬᠡᠮᠵᠢᠶᠡᠨ᠎ᠤ ᠡᠵᠡᠩᠨᠡᠨ ᠠᠵᠢᠯᠯᠠᠭᠤᠯᠬᠤ ᠨᠥᠬᠦᠪᠦᠷᠢ ᠣᠯᠭᠤᠬᠤ ᠵᠢ ᠵᠣᠷᠢᠭᠵᠢᠭᠤᠯᠤᠨ᠎ᠠ᠃ ᠬᠡᠦᠬᠡᠳ᠎ᠤᠨ ᠥᠰᠥᠯᠲᠡ ᠪᠤᠶ᠋ᠢᠵᠢᠯᠲᠠ ᠪᠠ ᠬᠠᠮᠠᠭ᠋ᠠᠯᠠᠯᠲᠠ ᠵᠢ ᠠᠬᠢᠭᠤᠯᠤᠨ᠎ᠠ᠃
      ᠭᠤᠷᠪᠠ᠎ᠳᠤ᠂ ᠰᠤᠷᠭ᠋ᠠᠨ ᠬᠥᠮᠦᠵᠢᠯ᠂ ᠣᠷᠣᠨ ᠰᠠᠭᠤᠴᠠ᠂ ᠠᠵᠢᠯ ᠣᠯᠭᠤᠯᠲᠠ ᠵᠡᠷᠭᠡ᠎ᠪᠠᠷ ᠳᠡᠮᠵᠢᠬᠦ ᠠᠷᠭ᠎ᠠ ᠬᠡᠮᠵᠢᠶ᠎ᠡ ᠵᠢ ᠴᠢᠩᠭ᠋ᠠᠳᠬᠠᠨ᠎ᠠ᠃ ᠴᠢᠨᠠᠷᠯᠢᠭ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠬᠠᠩᠭ᠋ᠠᠯᠭ᠎ᠠ ᠵᠢ ᠥᠷᠭᠡᠳᠬᠡᠵᠦ᠂ ᠳᠤᠮᠳᠠᠳᠤ ᠪᠠᠭ᠎ᠠ ᠰᠤᠷᠭ᠋ᠠᠭᠤᠯᠢ ᠵᠢᠨ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡ ᠪᠠ ᠨᠡᠶ᠋ᠢᠭᠡᠮ᠎ᠤᠨ ᠦᠢ᠍ᠯᠡᠳᠦᠯᠭᠡ ᠵᠢᠨ ᠲᠦᠷᠦᠯ ᠵᠦᠢ᠍ᠯ᠎ᠢ ᠢᠳᠡᠪᠬᠢᠲᠡᠢ ᠥᠷᠨᠢᠭᠦᠯᠬᠦ ᠵᠢ ᠳᠡᠮᠵᠢᠵᠦ᠂ ᠡᠯ᠎ᠡ ᠭᠠᠵᠠᠷ᠎ᠤᠨ᠎ᠬᠢᠨ᠎ᠤ ᠤᠯᠠᠨ ᠬᠡᠦᠬᠡᠳ᠎ᠲᠠᠢ ᠭᠡᠷ ᠪᠦᠯᠢ ᠵᠢᠨ ᠦᠷ᠎ᠡ ᠬᠡᠦᠬᠡᠳ᠎ᠢ ᠠᠳᠠᠯᠢ ᠨᠢᠭᠡ ᠰᠤᠷᠭ᠋ᠠᠭᠤᠯᠢ᠎ᠳᠤ ᠰᠤᠷᠤᠯᠴᠠᠭᠤᠯᠬᠤ ᠪᠣᠳᠠᠲᠠᠢ ᠬᠡᠷᠡᠭᠵᠢᠭᠦᠯᠬᠦ ᠠᠷᠭ᠎ᠠ ᠨᠡᠶ᠋ᠢᠲᠡᠯᠡᠬᠦ ᠵᠢ᠎ᠨᠢ ᠵᠣᠷᠢᠭᠵᠢᠭᠤᠯᠤᠨ᠎ᠠ᠃ ᠣᠷᠣᠨ ᠰᠠᠭᠤᠴᠠ᠎ᠪᠠᠷ ᠳᠡᠮᠵᠢᠬᠦ ᠲᠥᠷᠥ ᠵᠢᠨ ᠪᠣᠳᠣᠯᠭ᠎ᠠ ᠵᠢ ᠴᠢᠩᠭ᠋ᠠᠳᠬᠠᠵᠤ᠂ ᠨᠥᠬᠦᠴᠡᠯ᠎ᠲᠠᠢ ᠭᠠᠵᠠᠷ ᠣᠷᠣᠨ᠎ᠤ ᠣᠯᠠᠨ ᠬᠡᠦᠬᠡᠳ᠎ᠲᠠᠢ ᠭᠡᠷ ᠪᠦᠯᠢ ᠵᠢᠨ ᠭᠡᠷ ᠪᠠᠶ᠋ᠢᠰᠢᠩ ᠬᠤᠳᠠᠯᠳᠤᠨ ᠠᠪᠬᠤ᠎ᠳᠤ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠬᠤ ᠵᠢ᠎ᠨᠢ ᠵᠣᠷᠢᠭᠵᠢᠭᠤᠯᠤᠨ᠎ᠠ᠃ ᠠᠵᠢᠯᠲᠠᠨ ᠠᠵᠢᠯᠴᠢᠨ᠎ᠤ ᠡᠷᠬᠡ ᠠᠰᠢᠭ᠎ᠤᠨ ᠪᠠᠲᠤᠯᠠᠭ᠎ᠠ ᠵᠢ ᠴᠢᠩᠭ᠋ᠠᠳᠬᠠᠵᠤ᠂ ᠬᠥᠮᠥᠨ ᠬᠡᠷᠡᠭᠯᠡᠬᠦ ᠨᠢᠭᠡᠴᠢ ᠵᠢ ᠪᠤᠲᠠᠲᠠᠢ᠎ᠲᠠᠢ᠎ᠪᠠᠨ ᠤᠶᠠᠯᠳᠤᠭᠤᠯᠤᠨ ᠬᠠᠷᠢᠮᠠᠬᠠᠢ ᠠᠵᠢᠯᠯᠠᠵᠤ ᠠᠮᠠᠷᠠᠬᠤ᠂ ᠭᠡᠷ᠎ᠲᠤ᠎ᠪᠠᠨ ᠰᠠᠭᠤᠵᠤ ᠠᠵᠢᠯᠯᠠᠬᠤ ᠵᠡᠷᠭᠡ ᠠᠷᠭ᠎ᠠ ᠬᠡᠯᠪᠡᠷᠢ ᠵᠢ ᠠᠪᠴᠤ᠂ ᠭᠡᠷ ᠪᠦᠯᠢ᠎ᠳᠤ ᠡᠭᠡᠯᠢᠲᠡᠢ ᠠᠵᠢᠯᠯᠠᠬᠤ ᠣᠷᠴᠢᠨ ᠨᠦᠬᠦᠴᠡᠯ᠎ᠢ ᠪᠣᠶ ᠪᠣᠯᠭ᠋ᠠᠬᠤ ᠵᠢ᠎ᠨᠢ ᠵᠣᠷᠢᠭᠵᠢᠭᠤᠯᠤᠨ᠎ᠠ᠃
      ᠳᠥᠷᠪᠡ᠎ᠳᠤ᠂ ᠦᠷᠡᠵᠢᠯ᠎ᠳᠤ ᠡᠭᠡᠯᠢᠲᠡᠢ ᠨᠡᠶ᠋ᠢᠭᠡᠮ᠎ᠤᠨ ᠠᠭᠤᠷ ᠠᠮᠢᠰᠬᠤᠯ᠎ᠢ ᠪᠣᠶ ᠪᠣᠯᠭ᠋ᠠᠨ᠎ᠠ᠃ ᠰᠢᠨ᠎ᠡ ᠮᠠᠶᠢᠭ᠎ᠤᠨ ᠤᠷᠤᠭ ᠦᠷᠡᠵᠢᠯ᠎ᠤᠨ ᠰᠣᠶᠣᠯ᠎ᠢ ᠢᠳᠡᠪᠬᠢᠲᠡᠢ ᠪᠤᠢ ᠪᠣᠯᠭ᠋ᠠᠵᠤ᠂ ᠥᠭᠡᠳᠡᠷᠬᠡᠭ ᠢᠨᠠᠭᠯᠠᠵᠤ ᠤᠷᠤᠭᠯᠠᠬᠤ ᠦᠵᠡᠯᠲᠡ᠂ ᠦᠷᠡᠵᠢᠯ᠎ᠤᠨ ᠦᠵᠡᠯᠲᠡ᠂ ᠭᠡᠷ ᠪᠦᠯᠢ ᠵᠢᠨ ᠦᠵᠡᠯᠲᠡ ᠵᠢ ᠶᠡᠭᠡ᠎ᠪᠠᠷ ᠰᠠᠨᠠᠭ᠋ᠠᠴᠢᠯᠠᠨ᠎ᠠ᠃ ᠨᠡᠶ᠋ᠢᠭᠡᠮ᠎ᠤᠨ ᠤᠬᠠᠭᠤᠯᠭ᠎ᠠ ᠪᠠ ᠰᠠᠨᠠᠭ᠋ᠠᠴᠢᠯᠠᠭ᠎ᠠ ᠵᠢ ᠴᠢᠩᠭ᠋ᠠᠳᠬᠠᠵᠤ᠂ ᠬᠥᠮᠥᠨ ᠠᠮᠠ ᠵᠢᠨ ᠴᠢᠨᠠᠷ ᠰᠠᠶ᠋ᠢᠲᠠᠢ ᠬᠥᠭᠵᠢᠯᠲᠡ ᠵᠢᠨ ᠤᠬᠠᠭᠤᠯᠭ᠎ᠠ ᠬᠥᠮᠦᠵᠢᠯ᠎ᠤᠨ ᠲᠤᠰᠬᠠᠢ ᠠᠵᠢᠯᠯᠠᠭ᠎ᠠ ᠵᠢ ᠬᠡᠷᠡᠭᠵᠢᠭᠦᠯᠦᠨ᠎ᠡ᠃ ᠬᠥᠮᠥᠨ ᠠᠮᠠ ᠵᠢᠨ ᠲᠤᠬᠠᠢ ᠤᠯᠤᠰ᠎ᠤᠨ ᠪᠠᠶ᠋ᠢᠳᠠᠯ ᠤᠯᠤᠰ᠎ᠤᠨ ᠪᠣᠳᠣᠯᠭ᠎ᠠ ᠵᠢᠨ ᠬᠥᠮᠦᠵᠢᠯ᠎ᠢ ᠴᠢᠩᠭ᠋ᠠᠳᠬᠠᠵᠤ᠂ ᠬᠠᠮᠢᠶ᠎ᠠ ᠪᠦᠬᠦᠢ ᠠᠭᠤᠯᠭ᠎ᠠ ᠵᠢ ᠳᠤᠮᠳᠠᠳᠤ ᠪᠠᠭ᠎ᠠ ᠰᠤᠷᠭ᠋ᠠᠭᠤᠯᠢ᠂ ᠶᠡᠭᠡ ᠳᠡᠭᠡᠳᠦ ᠰᠤᠷᠭ᠋ᠠᠭᠤᠯᠢ ᠵᠢᠨ ᠵᠢᠩᠬᠢᠨᠢ ᠠᠩᠭᠢ ᠪᠠ ᠲᠤᠰᠬᠠᠢ ᠮᠡᠷᠭᠡᠵᠢᠯ᠎ᠤᠨ ᠠᠩᠭᠢ ᠵᠢᠨ ᠰᠤᠷᠭ᠋ᠠᠨ ᠬᠥᠮᠦᠵᠢᠯ᠎ᠳᠤ ᠠᠭᠤᠰᠤᠯᠴᠠᠭᠤᠯᠤᠨ᠎ᠠ᠃
     《ᠠᠷᠭ᠎ᠠ ᠬᠡᠮᠵᠢᠶ᠎ᠡ᠎ᠨᠦᠭᠦᠳ》᠎ᠲᠤ ᠱᠠᠭ᠋ᠠᠷᠳᠠᠭᠰᠠᠨ ᠵᠶ᠋ᠠᠷ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠤᠯᠤᠰ ᠲᠥᠷᠥ ᠵᠢᠨ ᠵᠣᠭᠰᠣᠴᠠ᠎ᠪᠠᠨ ᠦᠨᠡᠨ ᠬᠦ᠌ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠵᠢᠨ ᠬᠥᠮᠥᠨ ᠠᠮᠠ ᠵᠢᠨ ᠠᠵᠢᠯ᠎ᠢ ᠰᠠᠶ᠋ᠢᠲᠤᠷ ᠬᠢᠬᠦ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ᠎ᠪᠠᠨ ᠴᠢᠩᠭ᠋ᠠᠳᠬᠠᠨ᠂ ᠪᠣᠳᠠᠲᠠᠢ ᠠᠷᠭ᠎ᠠ ᠬᠡᠮᠵᠢᠶ᠎ᠡ ᠵᠢ ᠨᠠᠷᠢᠯᠢᠭᠵᠢᠭᠤᠯᠤᠨ ᠪᠤᠲᠠᠲᠠᠶ᠋ᠢᠵᠢᠭᠤᠯᠤᠨ ᠰᠢᠯᠢᠳᠡᠭᠵᠢᠭᠦᠯᠵᠦ᠂ ᠵᠠᠰᠠᠭ᠎ᠤᠨ ᠣᠷᠳᠣᠨ᠂ ᠬᠥᠮᠥᠨ ᠬᠡᠷᠡᠭᠯᠡᠬᠦ ᠨᠢᠭᠡᠴᠢ᠂ ᠬᠤᠪᠢ ᠬᠥᠮᠥᠨ ᠵᠡᠷᠭᠡ ᠣᠯᠠᠨ ᠲᠠᠯ᠎ᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂ ᠦᠷᠡᠵᠢᠯ᠎ᠢ ᠳᠡᠮᠵᠢᠬᠦ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠪᠠ ᠡᠭᠦᠷᠭᠡ ᠵᠢ ᠪᠤᠲᠠᠲᠠᠢ᠎ᠳᠤ ᠨᠠᠶ᠋ᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃

ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠡᠳ᠋᠎ᠤᠨ ᠵᠠᠰᠠᠭ᠎ᠤᠨ ᠶᠠᠮᠤᠨ᠂ ᠰᠤᠷᠭ᠋ᠠᠨ ᠬᠥᠮᠦᠵᠢᠯ᠎ᠤᠨ ᠶᠠᠮᠤᠨ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠬᠤᠯᠪᠣᠭᠳᠠᠯ ᠪᠦᠬᠦᠢ ᠵᠤᠷᠭ᠋ᠠᠨ ᠲᠣᠪᠴᠢᠶᠠᠨ᠎ᠤ ᠬᠠᠷᠢᠭᠤᠴᠠᠯᠭ᠋ᠠᠲᠠᠳ ᠰᠣᠷᠣᠭᠴᠢᠳ᠎ᠢ ᠡᠳ᠋ ᠮᠥᠩᠭᠦ᠎ᠪᠠᠷ ᠲᠤᠰᠠᠯᠠᠬᠤ ᠲᠥᠷᠥ ᠵᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠭᠰᠡᠨ ᠲᠤᠬᠠᠢ ᠰᠤᠷᠪᠤᠯᠵᠢᠯᠠᠭᠴᠢ ᠵᠢᠨ ᠬᠤᠯᠪᠣᠭᠳᠠᠯ ᠪᠦᠬᠦᠢ ᠠᠰᠠᠭᠤᠯᠲᠠ᠎ᠨᠤᠭᠤᠳ᠎ᠢ ᠬᠠᠷᠢᠭᠤᠯᠪᠠ
ᠵᠢᠷᠤᠭᠲᠤ ᠲᠠᠶ᠋ᠢᠯᠤᠮᠵᠢ᠄ 《ᠬᠥᠨᠳᠡᠯᠡᠨ ᠲᠣᠭᠣᠷᠢᠭ᠎ᠤᠨ ᠠᠶᠤᠯᠭᠦᠶ ᠦᠢᠯᠡᠳᠪᠦᠷᠢᠯᠡᠯ᠎ᠤᠨ ᠬᠦᠷᠢᠶᠡᠨ᠎ᠳᠠᠬᠢ ᠢᠯᠡᠴᠢᠯᠡᠨ ᠮᠡᠳᠡᠭᠦᠯᠬᠦ ᠵᠢ ᠱᠠᠩᠨᠠᠬᠤ ᠠᠷᠭ᠎ᠠ》 ᠵᠢᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠵᠢᠷᠤᠭᠲᠤ ᠲᠠᠶ᠋ᠢᠯᠤᠮᠵᠢ᠄ 《ᠬᠥᠨᠳᠡᠯᠡᠨ ᠲᠣᠭᠣᠷᠢᠭ᠎ᠤᠨ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ (2024 ᠣᠨ᠎ᠳᠤ ᠵᠠᠰᠠᠪᠤᠷᠢ ᠣᠷᠣᠭᠤᠯᠤᠭᠰᠠᠨ ᠬᠡᠪᠯᠡᠯ)》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠵᠢᠷᠤᠭᠲᠤ ᠲᠠᠶ᠋ᠢᠯᠤᠮᠵᠢ᠄ 《ᠬᠥᠨᠳᠡᠯᠡᠨ ᠲᠣᠭᠣᠷᠢᠭ᠎ᠤᠨ ᠲᠤᠭᠤᠷᠢᠭ᠎ᠤᠨ ᠬᠠᠷᠢᠶ᠎ᠠ ᠤᠯᠤᠰ᠎ᠤᠨ ᠦᠮᠴᠢᠯᠡᠯ᠎ᠤᠨ ᠠᠵᠤ ᠠᠬᠤᠶ᠋ᠢᠯᠠᠯ᠎ᠤᠨ ᠬᠥᠳᠡᠯᠮᠦᠷᠢ ᠬᠦᠴᠦᠨ ᠬᠡᠷᠡᠭᠯᠡᠬᠦ ᠪᠠ ᠣᠷᠣᠯᠭ᠎ᠠ ᠵᠢᠨ ᠬᠤᠪᠢᠶᠠᠷᠢᠯᠠᠯᠲᠠ ᠵᠢᠨ ᠲᠦᠷᠢᠮ᠎ᠤᠨ ᠥᠭᠡᠷᠡᠴᠢᠯᠡᠯᠲᠡ ᠵᠢᠨ ᠵᠢᠯᠣᠭᠣᠳᠬᠤ ᠰᠠᠨᠠᠯ (ᠲᠤᠷᠰᠢᠨ ᠬᠡᠷᠡᠭᠵᠢᠭᠦᠯᠬᠦ)》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠮᠡᠷᠭᠡᠵᠢᠯ᠎ᠤᠨ ᠴᠣᠯᠠ ᠵᠢ ᠭᠤᠶᠤᠴᠢᠯᠠᠨ ᠮᠡᠳᠡᠭᠦᠯᠬᠦ᠎ᠳᠤ ᠶᠠᠮᠠᠷ ᠶᠠᠮᠠᠷ ᠵᠥᠪ ᠠᠷᠭ᠎ᠠ ᠵᠠᠮ ᠪᠠᠶ᠋ᠢᠬᠤ ᠵᠢ ᠠᠳᠡ᠎ᠠᠴᠠ ᠣᠶ᠋ᠢᠯᠠᠭ᠋ᠠᠶ᠎ᠠ →
 
ᠪᠦᠬᠦ᠌ ᠵᠦᠢᠯ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠡᠷᠡᠰ ᠬᠤᠷᠢᠭᠯᠠᠨ᠎ᠠ 蒙ICP备06000790号-2
Baidu
必威betway入口主页欢迎您