ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠪᠦᠬᠦ ᠤᠯᠤᠰ᠎ᠤᠨ ᠡᠯ᠎ᠡ ᠭᠠᠵᠠᠷ᠎ᠲᠤ ᠥᠷᠨᠢᠭᠦᠯᠵᠦ ᠪᠤᠢ᠂ ᠬᠡᠷᠬᠢᠨ ᠬᠡᠷᠡᠭᠯᠡᠭᠴᠢᠳ᠎ᠲᠤ ᠦᠨᠡᠨ ᠬᠦ᠌ ᠠᠰᠢᠭ ᠬᠦᠷᠲᠡᠭᠡᠬᠦ ᠪᠤᠢ? ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠵᠠᠬ᠎ᠠ ᠳᠡᠯᠭᠡᠭᠦᠷ᠎ᠤᠨ ᠠᠵᠢᠯᠯᠠᠭ᠎ᠠ ᠪᠠ ᠬᠡᠷᠡᠭᠯᠡᠭᠡ ᠵᠢ ᠠᠬᠢᠭᠤᠯᠬᠤ ᠵᠤᠷᠭ᠋ᠠᠨ᠎ᠤ ᠳᠠᠷᠤᠭ᠎ᠠ ᠰᠢᠦᠢ ᠰᠢᠩ ᠹᠧᠩ ᠲᠦᠷᠦᠭᠦᠬᠡᠨ ᠢᠯᠡᠷᠬᠡᠶ᠋ᠢᠯᠡᠭᠰᠡᠨ᠎ᠨᠢ᠂ ᠬᠡᠷᠡᠭᠯᠡᠭᠴᠢᠳ᠎ᠤᠨ ᠬᠦᠰᠡᠯᠲᠡ ᠵᠢ ᠬᠦᠨᠳᠦᠳᠬᠡᠬᠦ᠂ ᠬᠡᠷᠡᠭᠯᠡᠭᠴᠢᠳ᠎ᠤᠨ ᠱᠠᠭ᠋ᠠᠷᠳᠠᠯᠭ᠎ᠠ᠎ᠳᠤ ᠬᠠᠷᠢᠭᠤ ᠥᠭᠬᠦ ᠵᠠᠷᠴᠢᠮ ᠶᠣᠰᠣᠭ᠋ᠠᠷ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠣᠯᠠᠨ ᠰᠠᠯᠠᠭ᠎ᠠ ᠮᠥᠴᠢᠷ᠎ᠤᠳ᠎ᠲᠠᠢ ᠬᠠᠮᠲᠤᠷᠠᠨ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠬᠡᠷᠡᠭᠯᠡᠭᠴᠢᠳ᠎ᠲᠤ ᠨᠠᠩ ᠢᠯᠡᠭᠦᠦ ᠬᠦᠷᠲᠡᠮᠵᠢ ᠵᠢᠨ ᠲᠥᠷᠥᠭᠳᠡᠯ ᠣᠯᠭᠤᠨ᠎ᠠ ᠭᠡᠵᠡᠢ᠃
ᠮᠠᠰᠢᠨ ᠲᠡᠷᠭᠡᠨ᠎ᠤ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠠᠯ᠎ᠠ᠎ᠪᠠᠷ᠂ ᠨᠢᠭᠡ᠎ᠳᠤ ᠮᠠᠰᠢᠨ ᠲᠡᠷᠭᠡ ᠬᠤᠳᠠᠯᠳᠤᠨ ᠠᠪᠬᠤ᠎ᠳᠤ ᠨᠠᠩ ᠠᠰᠢᠭᠲᠠᠢ ᠪᠣᠯᠭ᠋ᠠᠵᠤ᠂ ᠡᠳ᠋᠎ᠤᠨ ᠵᠠᠰᠠᠭ᠂ ᠭᠠᠶ᠋ᠢᠯᠢ ᠲᠠᠲᠠᠪᠤᠷᠢ᠂ ᠢᠲᠡᠭᠡᠮᠵᠢᠲᠦ ᠵᠢᠭᠡᠯᠡᠯᠭᠡ᠂ ᠳᠠᠭ᠋ᠠᠳᠬᠠᠯ ᠵᠡᠷᠭᠡ ᠡᠯ᠎ᠡ ᠵᠠᠩᠭᠢᠯᠠᠭᠠᠨᠤᠭᠤᠳᠠᠴᠠ ᠠᠰᠢᠭ ᠣᠯᠭᠤᠵᠤ᠂ ᠮᠠᠰᠢᠨ ᠲᠡᠷᠭᠡ ᠬᠤᠳᠠᠯᠳᠤᠨ ᠠᠪᠬᠤ ᠥᠪᠡᠷ᠎ᠤᠨ ᠥᠷᠲᠡᠭ᠎ᠢ ᠪᠠᠭᠤᠷᠠᠭᠤᠯᠤᠨ᠎ᠠ; ᠬᠤᠶᠠᠷ᠎ᠲᠤ ᠮᠠᠰᠢᠨ ᠲᠡᠷᠭᠡ ᠬᠡᠷᠡᠭᠯᠡᠬᠦ᠎ᠳᠤ ᠨᠠᠩ ᠳᠥᠭᠦᠮᠯᠡᠵᠦ᠂ ᠴᠠᠬᠢᠯᠭ᠋ᠠᠨ ᠴᠡᠨᠡᠭᠯᠡᠬᠦ᠂ ᠲᠡᠷᠭᠡ ᠵᠣᠭᠰᠤᠭ᠋ᠠᠬᠤ᠂ ᠣᠶᠤᠨᠲᠤ ᠵᠠᠮ ᠬᠠᠷᠢᠯᠴᠠᠭ᠎ᠠ ᠵᠡᠷᠭᠡ ᠰᠠᠭᠤᠷᠢ ᠪᠡᠯᠡᠳᠬᠡᠮᠵᠢᠨᠦᠭᠦᠳᠢ ᠤᠯᠠᠮ ᠲᠡᠭᠦᠯᠳᠡᠷᠵᠢᠭᠦᠯᠵᠦ᠂ ᠮᠠᠰᠢᠨ ᠲᠡᠷᠭᠡᠨ᠎ᠤ ᠭᠦᠢ᠍ᠯᠭᠡᠭᠡ ᠵᠢᠨ ᠬᠡᠷᠡᠭᠯᠡᠭᠡᠨ᠎ᠤ ᠥᠭᠡᠷᠡᠴᠢᠯᠡᠯᠲᠡ ᠵᠢᠨ ᠲᠤᠷᠰᠢᠯᠲᠠ ᠵᠢ ᠥᠷᠨᠢᠭᠦᠯᠵᠦ᠂ ᠮᠠᠰᠢᠨ ᠲᠡᠷᠭᠡ ᠵᠢ ᠥᠭᠡᠷᠡᠴᠢᠯᠡᠨ ᠤᠭᠰᠠᠷᠠᠬᠤ᠂ ᠲᠦᠷᠢᠶᠡᠰᠦᠯᠡᠬᠦ᠂ ᠭᠡᠷ ᠲᠡᠷᠭᠡ᠎ᠪᠠᠷ ᠬᠡᠭᠡᠷ᠎ᠡ ᠪᠠᠭᠤᠳᠠᠯᠯᠠᠬᠤ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ ᠶᠠᠪᠤᠭᠤᠯᠬᠤ᠂ ᠤᠯᠠᠮᠵᠢᠯᠠᠯᠲᠤ ᠰᠣᠩᠭᠤᠳᠠᠭ ᠮᠠᠰᠢᠨ ᠲᠡᠷᠭᠡ (ᠬᠠᠭᠤᠴᠢᠨ᠎ᠤ ᠲᠡᠷᠭᠡ) ᠵᠡᠷᠭᠡ ᠠᠵᠢᠯ ᠲᠥᠷᠥᠯᠤᠳᠤᠨ ᠬᠥᠭᠵᠢᠯᠲᠡ ᠵᠢ ᠳᠡᠮᠵᠢᠨ᠎ᠡ; ᠭᠤᠷᠪᠠ᠎ᠳᠤ ᠮᠠᠰᠢᠨ ᠲᠡᠷᠭᠡ ᠬᠤᠳᠠᠯᠳᠤᠬᠤ᠎ᠳᠤ ᠨᠠᠩ ᠰᠠᠨᠠᠭ᠎ᠠ ᠠᠮᠤᠷ ᠪᠣᠯᠭ᠋ᠠᠵᠤ᠂ ᠭᠠᠷ ᠳᠠᠮᠵᠢᠭᠰᠠᠨ ᠮᠠᠰᠢᠨ ᠲᠡᠷᠭᠡ ᠵᠢ ᠪᠥᠬᠦ ᠤᠯᠤᠰ᠎ᠤᠨ ᠬᠡᠪᠴᠢᠶᠡᠨ᠎ᠳᠤ ᠰᠢᠯᠵᠢᠭᠦᠯᠬᠦ ᠬᠢᠵᠠᠭ᠋ᠠᠷᠯᠠᠯ᠎ᠢ ᠴᠤᠴᠠᠯᠬᠤ ᠵᠢ ᠠᠬᠢᠭᠤᠯᠵᠤ᠂ ᠭᠠᠷ ᠳᠠᠮᠵᠢᠭᠰᠠᠨ ᠮᠠᠰᠢᠨ ᠲᠡᠷᠭᠡ ᠵᠢᠨ ᠮᠡᠳᠡᠭᠡ ᠵᠠᠩᠭᠢ ᠵᠢ ᠯᠠᠪᠯᠠᠬᠤ ᠲᠠᠪᠴᠠᠩ᠎ᠢ ᠪᠠᠶ᠋ᠢᠭᠤᠯᠤᠨ᠎ᠠ; ᠳᠥᠷᠪᠡ᠎ᠳᠤ ᠬᠡᠷᠡᠭᠯᠡᠭᠡᠨ᠎ᠠᠴᠠ ᠭᠠᠷᠭ᠋ᠠᠬᠤ᠎ᠳᠤ ᠨᠠᠩ ᠳᠥᠭᠦᠮᠯᠡᠵᠦ᠂ ᠵᠠᠳᠠᠯᠵᠤ ᠰᠠᠯᠭ᠋ᠠᠬᠤ ᠠᠵᠤ ᠠᠬᠤᠶ᠋ᠢᠯᠠᠯ᠎ᠤᠨ ᠭᠡᠷ᠎ᠲᠤ᠎ᠨᠢ ᠬᠦᠷᠴᠦ ᠲᠡᠷᠭᠡ ᠬᠤᠷᠢᠶᠠᠬᠤ ᠵᠢ ᠵᠣᠷᠢᠭᠵᠢᠭᠤᠯᠵᠤ᠂ ᠲᠡᠷᠭᠡᠨ᠎ᠤ ᠡᠵᠡᠨ᠎ᠤ ᠬᠡᠷᠡᠭᠯᠡᠭᠡᠨ᠎ᠠᠴᠠ ᠭᠠᠷᠭ᠋ᠠᠭᠰᠠᠨ ᠲᠡᠷᠭᠡ᠎ᠪᠠᠨ ᠬᠤᠳᠠᠯᠳᠤᠬᠤ᠎ᠳᠤ ᠨᠠᠩ ᠳᠥᠭᠦᠮᠯᠡᠨᠡ᠃
ᠭᠡᠷ᠎ᠤᠨ ᠴᠠᠬᠢᠯᠭ᠋ᠠᠨ ᠬᠡᠷᠡᠭᠰᠡᠯ᠂ ᠭᠡᠷ᠎ᠤᠨ ᠴᠢᠮᠡᠭᠯᠡᠯ ᠲᠣᠭᠤᠭ᠋ᠠᠨ ᠭᠡᠷ ᠵᠣᠷᠯᠣᠩ᠎ᠤᠨ ᠰᠢᠨ᠎ᠡ ᠵᠢ ᠰᠣᠯᠢᠬᠤ ᠲᠠᠯ᠎ᠠ᠎ᠪᠠᠷ᠂ ᠨᠢᠭᠡ᠎ᠳᠤ ᠬᠡᠷᠡᠭᠯᠡᠭᠡ᠎ᠳᠤ ᠳᠥᠭᠦᠮᠯᠡᠬᠦ ᠵᠢ ᠳᠣᠪᠤᠶ᠋ᠢᠯᠭ᠋ᠠᠵᠤ᠂ 《ᠬᠠᠳᠠᠭ᠋ᠠᠯᠠᠬᠤ ᠥᠷᠥᠭᠡ》 《ᠬᠤᠷᠢᠶᠠᠬᠤ ᠥᠷᠲᠡᠭᠡ》 《ᠡᠷᠭᠢᠯᠲᠡ ᠵᠢᠨ ᠥᠷᠥᠭᠡ》 ᠪᠠᠶ᠋ᠢᠭᠤᠯᠬᠤ ᠵᠢ ᠵᠣᠷᠢᠭᠵᠢᠭᠤᠯᠵᠤ᠂ ᠪᠠᠰᠠ 《ᠢᠨᠲ᠋ᠧᠷ ᠰᠦᠯᠵᠢᠶ᠎ᠡ + ᠬᠤᠷᠢᠶᠠᠬᠤ》᠂ 《ᠬᠠᠭᠤᠴᠢᠨ᠎ᠢ ᠬᠤᠷᠢᠶᠠᠬᠤ᠂ ᠰᠢᠨ᠎ᠡ ᠵᠢ ᠬᠦᠷᠭᠡᠬᠦ᠂ ᠵᠠᠳᠠᠯᠵᠤ ᠤᠭᠰᠠᠷᠠᠬᠤ ᠵᠢ ᠨᠢᠭᠡ ᠥᠷᠲᠡᠭᠡᠴᠢᠯᠡᠬᠦ》 ᠵᠢ ᠵᠣᠷᠢᠭᠵᠢᠭᠤᠯᠤᠨ᠎ᠠ; ᠬᠤᠶᠠᠷ᠎ᠲᠤ ᠮᠡᠳᠡᠭᠡ ᠵᠠᠩᠭᠢ ᠵᠢᠨ ᠢᠯᠡ ᠪᠠᠶ᠋ᠢᠬᠤ ᠵᠢ ᠲᠣᠪᠤᠶ᠋ᠢᠯᠭ᠋ᠠᠨ᠂ ᠪᠣᠬᠢᠷᠲᠤᠯ ᠦᠭᠡᠢ ᠪᠠᠷᠢᠯᠭ᠎ᠠ ᠵᠢᠨ ᠮᠠᠲ᠋ᠧᠷᠢᠶᠠᠯ᠎ᠢ ᠬᠥᠳᠡᠭᠡ ᠪᠠᠭᠤᠯᠭ᠋ᠠᠬᠤ ᠠᠵᠢᠯᠯᠠᠭ᠎ᠠ ᠵᠢ ᠥᠷᠨᠢᠭᠦᠯᠵᠦ᠂ ᠨᠠᠰᠤᠵᠢᠯ᠎ᠳᠤ ᠲᠣᠬᠢᠷᠠᠭᠰᠠᠨ ᠭᠡᠷ᠎ᠤᠨ ᠬᠡᠷᠡᠭᠰᠡᠯ᠎ᠤᠨ ᠨᠡᠷᠡᠰ᠎ᠤᠨ ᠵᠢᠭᠰᠠᠭ᠋ᠠᠯᠲᠠ ᠵᠢ ᠬᠥᠳᠡᠯᠦᠩᠭᠦᠢ᠎ᠪᠠᠷ ᠲᠡᠭᠦᠯᠳᠡᠷᠵᠢᠭᠦᠯᠵᠦ᠂ ᠭᠡᠷ᠎ᠤᠨ ᠴᠢᠮᠡᠭᠯᠡᠯ᠎ᠤᠨ 《ᠵᠠᠭᠪᠤᠷ ᠥᠷᠥᠭᠡ》 ᠵᠢ ᠬᠤᠳᠠᠯᠳᠤᠭ᠋ᠠᠨ᠎ᠤ ᠲᠠᠯᠠᠪᠤᠷ᠎ᠲᠤ᠂ ᠨᠡᠶ᠋ᠢᠭᠡᠮ ᠲᠣᠭᠤᠷᠢᠭ᠎ᠲᠤ᠂ ᠲᠠᠪᠴᠠᠩ᠎ᠳᠤ ᠣᠷᠣᠭᠤᠯᠬᠤ ᠵᠢ ᠠᠬᠢᠭᠤᠯᠤᠨ᠎ᠠ; ᠭᠤᠷᠪᠠ᠎ᠳᠤ ᠣᠶᠤᠨᠲᠤ ᠮᠥᠷᠲᠡᠭᠡᠨ ᠳᠥᠭᠦᠮᠢ ᠲᠤᠪᠤᠶ᠋ᠢᠯᠭ᠋ᠠᠵᠦ᠂ ᠣᠶᠤᠨᠲᠤ ᠭᠡᠷ᠎ᠤᠨ ᠬᠡᠷᠡᠭᠰᠡᠯ᠎ᠤᠨ ᠬᠤᠯᠪᠣᠯᠳᠤᠨ ᠨᠡᠪᠲᠡᠷᠡᠯᠴᠡᠬᠦ ᠪᠠᠷᠢᠮᠵᠢᠶ᠎ᠠ ᠵᠢ ᠲᠦᠷᠭᠡᠨ ᠲᠡᠭᠦᠯᠳᠡᠷᠵᠢᠭᠦᠯᠵᠦ᠂ ᠣᠶᠤᠨᠲᠤ ᠪᠦᠲᠦᠭᠡᠭᠳᠡᠬᠦᠨ᠎ᠨᠦᠭᠦᠳ᠎ᠢ ᠨᠡᠩ ᠤᠯᠠᠨ ᠠᠮᠢᠳᠤᠷᠠᠯ᠎ᠤᠨ ᠲᠠᠯᠠᠪᠤᠷ᠎ᠲᠤ ᠨᠠᠶ᠋ᠢᠳᠠᠪᠤᠷᠢᠵᠢᠭᠤᠯᠬᠤ ᠵᠢ ᠠᠬᠢᠭᠤᠯᠤᠨ᠎ᠠ; ᠳᠥᠷᠪᠡ᠎ᠳᠤ ᠣᠷᠴᠢᠨ ᠠᠬᠤᠢ ᠵᠢ ᠰᠢᠯᠢᠳᠡᠭᠵᠢᠭᠦᠯᠬᠦ ᠵᠢ ᠳᠣᠪᠤᠶ᠋ᠢᠯᠭ᠋ᠠᠵᠤ᠂ 《ᠰᠠᠨᠠᠭ᠎ᠠ ᠠᠮᠤᠷ ᠭᠡᠷ᠎ᠤᠨ ᠬᠡᠷᠡᠭᠰᠡᠯ᠎ᠢ ᠨᠡᠶ᠋ᠢᠭᠡᠮ ᠲᠣᠭᠤᠷᠢᠭ᠎ᠲᠤ ᠣᠷᠣᠭᠤᠯᠬᠤ》᠂ ᠭᠡᠷ᠎ᠤᠨ ᠴᠠᠬᠢᠯᠭ᠋ᠠᠨ ᠬᠡᠷᠡᠭᠰᠡᠯ᠎ᠤᠨ ᠪᠣᠷᠤᠯᠠᠭᠤᠯᠭ᠎ᠠ ᠵᠢᠨ ᠳᠠᠷᠠᠭ᠋ᠠᠬᠢ ᠦᠢ᠍ᠯᠡᠴᠢᠯᠡᠭᠡ ᠵᠢ ᠳᠡᠭᠡᠭᠰᠢᠯᠡᠭᠦᠯᠬᠦ ᠵᠡᠷᠭᠡ ᠠᠵᠢᠯᠯᠠᠭ᠎ᠠ᠎ᠨᠤᠭᠤᠳ᠎ᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃