ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠶᠣᠯ ᠵᠢᠭᠤᠯᠴᠢᠯᠠᠯ
ᠰᠣᠶᠣᠯ ᠡᠷᠳᠡᠨᠢ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠪᠥᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠢ ᠬᠡᠷᠬᠢᠨ ᠪᠠᠶ᠋ᠢᠭᠤᠯᠬᠤ ᠪᠣᠶ (ᠲᠥᠷᠥ ᠵᠢᠨ ᠪᠣᠳᠣᠯᠭ᠎ᠠ ᠵᠢᠨ ᠠᠰᠠᠭᠤᠯᠲᠠ ᠬᠠᠷᠢᠭᠤᠯᠲᠠ)
ᠨᠡᠶ᠋ᠢᠲᠡᠯᠡᠭᠰᠡᠨ ᠴᠠᠭ᠄ 2025-05-28

     ᠪᠦᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠢ ᠪᠠᠶ᠋ᠢᠭᠤᠯᠬᠤ ᠪᠣᠯ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ ᠵᠢᠨ ᠰᠠᠭᠤᠷᠢ ᠲᠤᠯᠭ᠋ᠠᠭᠤᠷᠢᠯᠠᠯ ᠪᠠ ᠳᠣᠲᠣᠭ᠋ᠠᠳᠤ ᠱᠠᠭ᠋ᠠᠷᠳᠠᠯᠭ᠎ᠠ ᠪᠣᠯᠣᠨ᠎ᠠ᠃ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯᠳᠤᠭ᠋ᠠᠨ ᠵᠶ᠋ᠠᠷ 《ᠠᠵᠤ ᠠᠬᠤᠶ᠋ᠢᠯᠠᠯ᠎ᠳᠤ ᠬᠤᠯᠪᠣᠭᠳᠠᠬᠤ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠲᠤᠰᠬᠠᠢ ᠠᠵᠢᠯᠯᠠᠭ᠋ᠠᠨ᠎ᠢ ᠥᠷᠨᠢᠭᠦᠯᠬᠦ ᠬᠡᠷᠡᠭᠲᠡᠢ᠃ ᠪᠦᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠦᠲᠦᠭᠡᠨ ᠪᠠᠶ᠋ᠢᠭᠤᠯᠤᠯᠲᠠ ᠵᠢᠨ ᠵᠢᠯᠣᠭᠤᠳᠤᠮᠵᠢ ᠵᠢ ᠲᠣᠭᠲᠠᠭ᠋ᠠᠨ᠎ᠠ》 ᠭᠡᠵᠦ ᠳᠤᠷᠠᠳᠪᠠ᠃ ᠡᠨᠡ ᠵᠢᠯ᠎ᠤᠨ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ 《ᠪᠦᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠦᠲᠦᠭᠡᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠦᠨ ᠠᠬᠢᠭᠤᠯᠤᠨ᠎ᠠ》 ᠭᠡᠵᠦ ᠳᠤᠷᠠᠳᠪᠠ᠃ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠪᠠ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠵᠢ ᠤᠯᠠᠮ ᠨᠢᠭᠡ ᠠᠯᠬᠤᠮ ᠲᠤᠪᠤᠶ᠋ᠢᠯᠭ᠋ᠠᠵᠤ᠂ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠦᠲᠦᠭᠡᠨ ᠪᠠᠶ᠋ᠢᠭᠤᠯᠤᠯᠲᠠ᠎ᠳᠤ ᠠᠰᠢᠭᠲᠠᠢ ᠡᠯ᠎ᠡ ᠵᠦᠢ᠍ᠯ᠎ᠤᠨ ᠳᠦᠷᠢᠮ ᠲᠣᠭᠲᠠᠭ᠋ᠠᠯ᠎ᠢ ᠬᠡᠷᠬᠢᠨ ᠲᠣᠭᠲᠠᠭ᠋ᠠᠵᠤ᠂ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠦᠲᠦᠭᠡᠨ ᠪᠠᠶ᠋ᠢᠭᠤᠯᠤᠯᠲᠠ᠎ᠳᠤ ᠠᠰᠢᠭ ᠦᠭᠡᠢ ᠡᠯ᠎ᠡ ᠵᠦᠢ᠍ᠯ᠎ᠤᠨ ᠬᠠᠷᠰᠢ ᠰᠠᠭ᠋ᠠᠳ᠎ᠢ ᠬᠡᠷᠬᠢᠨ ᠠᠷᠢᠯᠭ᠋ᠠᠬᠤ ᠪᠤᠢ?
      ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶᠠᠨ᠎ᠤ ᠥᠷᠢᠰᠦᠯᠳᠦᠭᠡᠨ᠎ᠤ ᠲᠥᠷᠥ ᠵᠢᠨ ᠪᠣᠳᠣᠯᠭ᠎ᠠ ᠵᠢ ᠵᠣᠬᠢᠴᠠᠭᠤᠯᠬᠤ ᠵᠤᠷᠭ᠋ᠠᠨ᠎ᠤ ᠬᠠᠮᠢᠶ᠎ᠠ ᠪᠦᠬᠦᠢ ᠬᠠᠷᠢᠭᠤᠴᠠᠯᠭ᠋ᠠᠲᠠᠨ ᠢᠯᠡᠷᠬᠡᠶ᠋ᠢᠯᠡᠬᠦ᠎ᠳᠤ᠎ᠪᠠᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠡᠷᠬᠡ ᠲᠡᠭᠰᠢ᠎ᠪᠠᠷ ᠥᠷᠢᠰᠦᠯᠳᠦᠬᠦ ᠳᠦᠷᠢᠮ ᠲᠣᠭᠲᠠᠭ᠋ᠠᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ᠎ᠤᠨ ᠥᠷᠢᠰᠦᠯᠳᠦᠭᠡᠨ᠎ᠳᠤ ᠵᠦᠢ ᠵᠣᠬᠢᠰ ᠦᠭᠡᠢ᠎ᠪᠠᠷ ᠭᠠᠷ ᠲᠦᠷᠦᠭᠦ ᠡᠯ᠎ᠡ ᠵᠦᠢ᠍ᠯ᠎ᠤᠨ ᠦᠶᠯᠡ ᠠᠵᠢᠯᠯᠠᠭ᠎ᠠ ᠵᠢ ᠡᠷᠡᠰ ᠵᠠᠯᠠᠷᠠᠭᠤᠯᠵᠤ᠂ ᠤᠯᠤᠰ ᠠᠷᠠᠳ᠎ᠤᠨ ᠠᠵᠤ ᠠᠬᠤᠢ ᠵᠢᠨ ᠣᠷᠴᠢᠯ᠎ᠤᠨ ᠰᠠᠭ᠋ᠠᠳ ᠦᠭᠡᠢ ᠨᠡᠪᠲᠡᠷᠡᠬᠦ ᠵᠢ ᠠᠬᠢᠭᠤᠯᠤᠨ᠎ᠠ᠃ 《ᠭᠤᠣᠯᠴᠢ ᠥᠷᠢᠰᠦᠯᠳᠦᠭᠡᠨ᠎ᠢ ᠬᠢᠨᠠᠨ ᠪᠠᠶ᠋ᠢᠴᠠᠭ᠋ᠠᠬᠤ ᠳᠦᠷᠢᠮ᠎ᠤᠨ ᠬᠡᠷᠡᠭᠵᠢᠭᠦᠯᠬᠦ ᠠᠷᠭ᠎ᠠ》 ᠵᠢ ᠬᠡᠷᠡᠭᠵᠢᠭᠦᠯᠬᠦ᠎ᠪᠠᠨ ᠲᠦᠷᠭᠡᠪᠴᠢᠯᠡᠨ ᠠᠬᠢᠭᠤᠯᠵᠤ᠂ ᠭᠤᠣᠯᠴᠢ ᠥᠷᠢᠰᠦᠯᠳᠦᠭᠡᠨ᠎ᠤ ᠬᠢᠨᠠᠨ ᠪᠠᠶ᠋ᠢᠴᠠᠭ᠋ᠠᠯᠲᠠ ᠵᠢᠨ ᠶᠡᠷᠦᠩᠬᠡᠢ ᠱᠠᠭ᠋ᠠᠷᠳᠠᠯᠭ᠎ᠠ᠂ ᠬᠢᠨᠠᠨ ᠪᠠᠶ᠋ᠢᠴᠠᠭ᠋ᠠᠬᠤ     ᠪᠠᠷᠢᠮᠵᠢᠶ᠎ᠠ᠂ ᠬᠢᠨᠠᠨ ᠪᠠᠶ᠋ᠢᠴᠠᠭ᠋ᠠᠬᠤ ᠲᠣᠭᠲᠠᠴᠠ ᠪᠠ ᠬᠢᠨᠠᠯᠲᠠ ᠲᠠᠯᠪᠢᠵᠤ ᠪᠠᠲᠤᠯᠠᠬᠤ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠨᠠᠷᠢᠯᠢᠭᠵᠢᠭᠤᠯᠤᠨ᠎ᠠ ᠭᠡᠵᠡᠢ᠃
      ᠵᠠᠰᠠᠭ ᠵᠠᠬᠢᠷᠭ᠋ᠠᠨ᠎ᠤ ᠡᠷᠬᠡ ᠵᠢ ᠳᠤᠷ᠎ᠠ᠎ᠪᠠᠷ ᠬᠡᠷᠡᠭᠯᠡᠨ ᠥᠷᠢᠰᠦᠯᠳᠦᠭᠡᠨ᠎ᠢ ᠭᠠᠳᠠᠭᠤᠷᠴᠢᠯᠠᠬᠤ᠂ ᠬᠢᠵᠠᠭ᠋ᠠᠷᠯᠠᠬᠤ ᠪᠠᠶ᠋ᠢᠳᠠᠯ᠎ᠳᠤ ᠴᠢᠭᠯᠡᠭᠦᠯᠦᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠡᠵᠡᠩᠨᠡᠯᠲᠡ ᠵᠢᠨ ᠭᠤᠣᠯ ᠴᠣᠭᠴᠠ ᠵᠢᠨ ᠲᠤᠰᠬᠠᠯ ᠶᠡᠬᠡᠲᠡᠢ ᠬᠦᠷᠢᠶᠡᠨ᠎ᠳᠤ ᠠᠩᠬᠠᠷᠤᠯ ᠲᠥᠪᠯᠡᠷᠡᠭᠦᠯᠵᠦ᠂ ᠬᠢᠨᠠᠯᠲᠠ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠦᠯᠲᠡ ᠵᠢ ᠦᠷᠭᠦᠯᠵᠢᠯᠡᠨ ᠴᠢᠩᠭ᠋ᠠᠳᠬᠠᠵᠤ᠂ ᠠᠵᠤ ᠠᠬᠤᠶ᠋ᠢᠯᠠᠯ᠎ᠤᠨ ᠨᠡᠭᠦᠬᠦ ᠵᠢ ᠬᠢᠵᠠᠭ᠋ᠠᠷᠯᠠᠬᠤ᠂ ᠲᠠᠸᠠᠷ᠎ᠤᠨ ᠬᠦᠴᠦᠨ ᠵᠦᠢ᠍ᠯ᠎ᠤᠨ ᠴᠢᠯᠦᠭᠡᠲᠡᠢ ᠭᠦᠢ᠍ᠯᠭᠡᠭᠡᠨ᠎ᠢ ᠬᠠᠷᠰᠢᠯᠠᠬᠤ᠂ ᠥᠪᠡᠷ᠎ᠤᠨ 《ᠪᠠᠭ᠎ᠠ ᠣᠷᠴᠢᠯ》᠎ᠲᠠᠢ ᠪᠠᠶ᠋ᠢᠯᠭ᠋ᠠᠬᠤ ᠵᠡᠷᠭᠡ ᠠᠵᠢᠯᠯᠠᠭ᠎ᠠ ᠵᠢ ᠡᠷᠡᠰ ᠵᠠᠯᠠᠷᠠᠭᠤᠯᠵᠤ᠂ ᠤᠯᠤᠰ ᠠᠷᠠᠳ᠎ᠤᠨ ᠠᠵᠤ ᠠᠬᠤᠢ ᠵᠢᠨ ᠣᠷᠴᠢᠯ᠎ᠤᠨ ᠥᠨᠳᠥᠷ ᠪᠦᠲᠦᠮᠵᠢᠲᠡᠶ ᠰᠠᠭ᠋ᠠᠳ ᠦᠭᠡᠢ ᠨᠡᠪᠲᠡᠷᠡᠬᠦ ᠵᠢ ᠠᠬᠢᠭᠤᠯᠤᠨ᠎ᠠ᠃
      ᠬᠡᠰᠡᠭ ᠭᠠᠵᠠᠷ ᠣᠷᠣᠨ᠎ᠳᠤ ᠢᠯᠡᠷᠡᠵᠦ ᠪᠠᠶ᠋ᠢᠭ᠎ᠠ 《ᠨᠢᠭᠡ ᠲᠥᠷᠥᠯ᠎ᠤᠨ ᠬᠡᠷᠡᠭ᠎ᠢ ᠠᠳᠠᠯᠢ ᠪᠤᠰᠤ᠎ᠪᠠᠷ ᠲᠣᠷᠭ᠋ᠠᠭᠰᠠᠨ》 ᠪᠠᠶ᠋ᠢᠳᠠᠯ᠎ᠳᠤ ᠴᠢᠭᠯᠡᠭᠦᠯᠦᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠵᠢᠨ ᠬᠠᠤᠯᠢ ᠬᠡᠷᠡᠭᠵᠢᠭᠦᠯᠬᠦ ᠬᠢᠨᠠᠨ ᠪᠠᠶ᠋ᠢᠴᠠᠭ᠋ᠠᠬᠤ ᠲᠣᠪᠴᠢᠶᠠᠨ᠎ᠤ ᠬᠠᠮᠢᠶ᠎ᠠ ᠪᠦᠬᠦᠢ ᠬᠠᠷᠢᠭᠤᠴᠠᠯᠭ᠋ᠠᠲᠠᠨ ᠲᠠᠨᠢᠯᠴᠠᠭᠤᠯᠬᠤ᠎ᠳᠤ᠎ᠪᠠᠨ᠂ 《ᠠᠷᠠᠳ᠎ᠤᠨ ᠲᠥᠯᠥᠭᠡ ᠬᠢᠨᠠᠨ ᠬᠠᠮᠢᠶᠠᠷᠬᠤ ᠣᠨᠣᠯᠵᠢᠬᠤᠨ᠎ᠢ ᠪᠠᠲᠤ ᠪᠣᠢ ᠪᠣᠯᠭ᠋ᠠᠨ ᠦᠢ᠍ᠯᠡᠴᠢᠯᠡᠬᠦ ᠬᠡᠯᠪᠡᠷᠢ ᠵᠢᠨ ᠬᠠᠤᠯᠢ ᠬᠡᠷᠡᠭᠵᠢᠭᠦᠯᠦᠯᠲᠡ ᠵᠢ ᠬᠡᠷᠡᠭᠵᠢᠭᠦᠯᠬᠦ ᠲᠤᠬᠠᠢ ᠵᠢᠯᠤᠭᠤᠳᠬᠤ ᠰᠠᠨᠠᠯ》 ᠪᠠ 《ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠬᠦ ᠠᠵᠢᠯᠯᠠᠭ᠋ᠠᠨ᠎ᠤ ᠵᠢᠷᠤᠮᠵᠢᠯ》᠎ᠢ ᠳᠠᠷᠤᠮᠠᠯᠯᠠᠨ ᠶᠠᠪᠤᠭᠤᠯᠤᠭᠰᠠᠨ᠎ᠤ ᠳᠠᠷᠠᠭ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ 《ᠰᠡᠷᠭᠡᠶ᠋ᠢᠯᠡᠬᠦ᠎ᠪᠠᠷ ᠭᠤᠣᠯᠯᠠᠵᠤ᠂ ᠬᠥᠩᠭᠡᠨ ᠲᠣᠷᠭ᠋ᠠᠭᠤᠯᠢ᠎ᠠᠴᠠ ᠬᠡᠯᠲᠦᠷᠢᠭᠦᠯᠬᠦ᠂ ᠬᠦᠨᠳᠦ᠎ᠪᠠᠷ ᠵᠥᠷᠢᠴᠡᠭᠰᠡᠨ ᠪᠠᠶ᠋ᠢᠪᠠᠯ ᠴᠢᠩᠭ᠎ᠠ ᠰᠢᠢ᠍ᠳᠬᠡᠬᠦ᠂ ᠠᠯᠳᠠᠰᠢ ᠪᠠ ᠲᠣᠷᠭ᠋ᠠᠭᠤᠯᠢ ᠵᠢ ᠲᠡᠩᠨᠡᠭᠦᠯᠬᠦ᠂ ᠬᠡᠷᠡᠭ᠎ᠤᠨ ᠳᠠᠷᠠᠭ᠎ᠠ ᠰᠤᠷᠪᠤᠯᠵᠢᠯᠠᠬᠤ》 ᠦᠢ᠍ᠯᠡᠴᠢᠯᠡᠬᠦ ᠬᠡᠯᠪᠡᠷᠢ ᠵᠢᠨ ᠬᠠᠤᠯᠢ ᠬᠡᠷᠡᠭᠵᠢᠭᠦᠯᠬᠦ ᠬᠡᠪ ᠵᠠᠭᠪᠤᠷ᠎ᠢ ᠬᠦᠴᠦᠯᠡᠨ ᠪᠠᠶ᠋ᠢᠭᠤᠯᠵᠤ᠂ ᠡᠵᠡᠩᠨᠡᠯᠲᠡ ᠵᠢᠨ ᠭᠤᠣᠯ ᠴᠣᠭᠴᠠ ᠪᠠ ᠠᠷᠠᠳ ᠤᠯᠠᠨ᠎ᠳᠤ ᠬᠠᠤᠯᠢ ᠬᠡᠷᠡᠭᠵᠢᠭᠦᠯᠬᠦ ᠠᠵᠢᠯᠯᠠᠭ᠎ᠠ ᠪᠣᠯᠭ᠋ᠠᠨ᠎ᠠᠴᠠ ᠰᠤᠷᠲᠠᠯ ᠴᠢᠬᠡᠴᠢ ᠣᠪᠣᠷ ᠲᠥᠪ ᠪᠠᠶ᠋ᠢᠬᠤ ᠵᠢ ᠦᠵᠡᠭᠦᠯᠵᠦ᠂ ᠬᠠᠤᠯᠢ ᠬᠡᠷᠡᠭᠵᠢᠭᠦᠯᠬᠦ ᠲᠣᠭᠲᠠᠭ᠋ᠠᠯ ᠪᠣᠯᠭ᠋ᠠᠨ᠎ᠠᠴᠠ ᠲᠥᠪ ᠭᠤᠣᠯᠴᠢ ᠰᠢᠳᠤᠷᠭᠤ ᠶᠣᠰᠣ ᠵᠢ ᠮᠡᠳᠡᠷᠡᠭᠦᠯᠬᠦ᠎ᠪᠠᠷ ᠴᠢᠷᠮᠠᠶ᠋ᠢᠵᠤ ᠪᠠᠶ᠋ᠢᠨ᠎ᠠ ᠭᠡᠵᠡᠢ᠃
      ᠪᠦᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠢ ᠪᠠᠶ᠋ᠢᠭᠤᠯᠬᠤ᠎ᠳᠤ ᠬᠤᠳᠠ ᠬᠥᠳᠡᠭᠡ ᠵᠢᠨ ᠰᠠᠭ᠋ᠠᠳ ᠦᠭᠡᠢ ᠭᠦᠢ᠍ᠯᠭᠡᠭᠡᠨ᠎ᠤ ᠲᠣᠭᠲᠠᠯᠴᠠᠭ᠎ᠠ᠎ᠠᠴᠠ ᠰᠠᠯᠵᠤ ᠴᠢᠳᠠᠬᠤ ᠦᠭᠡᠢ ᠶᠤᠮ᠃ 《ᠬᠤᠲᠠ ᠬᠥᠳᠡᠭᠡ ᠵᠢ ᠨᠠᠪᠲᠠᠷᠡᠭᠦᠯᠵᠦ᠂ ᠭᠦᠢ᠍ᠯᠭᠡᠭᠡ ᠵᠢ ᠬᠥᠭᠵᠢᠶᠡᠨᠲᠡᠢ ᠪᠣᠯᠭ᠋ᠠᠬᠤ ᠪᠣᠯ ᠬᠠᠩᠭ᠋ᠠᠨ ᠪᠣᠷᠣᠯᠠᠭᠤᠯᠬᠤ ᠬᠤᠷᠰᠢᠶ᠎ᠠ ᠵᠢᠨ ᠭᠤᠣᠯ ᠠᠵᠢᠯ ᠮᠥᠨ᠂ ᠪᠥᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠦᠲᠦᠭᠡᠨ ᠪᠠᠶ᠋ᠢᠭᠤᠯᠤᠯᠲᠠ᠎ᠳᠤ ᠲᠦᠷᠭᠡᠨ ᠠᠭᠤᠰᠤᠯᠴᠠᠬᠤ ᠪᠠ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠬᠦ ᠪᠣᠯ ᠬᠠᠩᠭ᠋ᠠᠨ ᠪᠣᠷᠣᠯᠠᠭᠤᠯᠬᠤ ᠬᠤᠷᠰᠢᠶ᠎ᠠ ᠵᠢᠨ ᠴᠢᠨᠠᠷ ᠰᠠᠶ᠋ᠢᠲᠠᠢ ᠬᠥᠭᠵᠢᠯᠲᠡ ᠵᠢᠨ ᠰᠡᠳᠦᠪ᠎ᠲᠠᠬᠢ ᠪᠠᠶ᠋ᠢᠪᠠᠰᠤ ᠵᠣᠬᠢᠬᠤ ᠠᠭᠤᠯᠭ᠎ᠠ ᠮᠥᠨ᠃》 ᠭᠡᠵᠦ ᠳᠤᠮᠳᠠᠳᠤ ᠵᠢᠨ ᠪᠦᠬᠦ ᠤᠯᠤᠰ᠎ᠤᠨ ᠬᠠᠩᠭ᠋ᠠᠨ ᠪᠣᠷᠣᠯᠠᠭᠤᠯᠬᠤ ᠶᠡᠷᠦᠩᠬᠡᠢ ᠬᠤᠷᠰᠢᠶ᠎ᠠ ᠵᠢᠨ ᠠᠵᠤ ᠠᠬᠤᠢ ᠵᠢᠨ ᠬᠥᠭᠵᠢᠯᠲᠡ ᠪᠠ ᠥᠭᠡᠷᠡᠴᠢᠯᠡᠯᠲᠡ ᠵᠢᠨ ᠬᠡᠯᠲᠡᠰ᠎ᠤᠨ ᠳᠠᠷᠤᠭ᠎ᠠ ᠮᠠ ᠵᠢᠢ ᠬᠤᠩ ᠬᠡᠯᠡᠪᠡ᠃
      ᠲᠠᠷᠠᠭ᠋ᠠᠴᠢ ᠵᠢᠨ ᠠᠯᠬᠤᠮ᠎ᠳᠤ᠂ ᠪᠥᠬᠦ ᠰᠢᠰᠲ᠋ᠧᠮ ᠵᠶ᠋ᠠᠷ ᠵᠶ᠋ᠠᠨ 《ᠵᠢᠷᠭᠤᠭ᠋ᠠᠨ ᠬᠥᠨᠳᠡᠯᠡᠨ ᠲᠤᠯᠤᠭ᠋ᠠᠨ ᠭᠤᠯᠳᠤ ᠬᠤᠶᠠᠷ ᠬᠥᠪᠡᠭᠡ》 ᠵᠢᠨ ᠪᠥᠬᠦ ᠤᠯᠤᠰ᠎ᠤᠨ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠭᠦᠢ᠍ᠯᠭᠡᠭᠡᠨ᠎ᠤ ᠬᠤᠩᠭᠢᠯ᠎ᠳᠤ ᠲᠦᠰᠢᠭᠯᠡᠨ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠭᠦᠢ᠍ᠯᠭᠡᠭᠡᠨ᠎ᠤ ᠲᠣᠣᠷ ᠰᠦᠯᠵᠢᠶᠡᠨ᠎ᠤ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠰᠠᠶ᠋ᠢᠲᠤᠷ ᠬᠢᠨ᠎ᠡ; ᠲᠠᠷᠢᠶᠠᠯᠠᠩ᠎ᠤᠨ ᠪᠦᠲᠦᠭᠡᠭᠳᠡᠬᠦᠨ᠎ᠤ ᠤᠳᠤ ᠦᠶ᠎ᠡ ᠵᠢᠨ ᠭᠦᠢ᠍ᠯᠭᠡᠭᠡᠨ᠎ᠤ ᠲᠣᠣᠷ ᠰᠦᠯᠵᠢᠶᠡᠨ᠎ᠤ ᠪᠠᠶ᠋ᠢᠭᠤᠯᠤᠯᠲᠠ ᠵᠢ ᠲᠦᠷᠭᠡᠪᠴᠢᠯᠡᠨ ᠠᠬᠢᠭᠤᠯᠵᠤ᠂ ᠰᠢᠶᠠᠨ ᠰᠢᠶᠠᠩ ᠲᠣᠰᠬᠤᠨ ᠭᠤᠷᠪᠠᠨ ᠱᠠᠲᠤᠨ᠎ᠤ ᠪᠠᠷᠠᠭ᠋ᠠᠨ᠎ᠤ ᠭᠦᠢ᠍ᠯᠭᠡᠭᠡᠨ᠎ᠤ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠵᠢ ᠪᠦᠷᠢᠨᠰᠢᠭᠦᠯᠵᠦ᠂ ᠲᠠᠷᠢᠶᠠᠯᠠᠩ᠎ᠤᠨ ᠪᠦᠲᠦᠭᠡᠭᠳᠡᠬᠦᠨ ᠪᠣᠳᠠᠰ᠎ᠤᠨ ᠭᠦᠢ᠍ᠯᠭᠡᠭᠡᠨ᠎ᠤ ᠰᠠᠭ᠋ᠠᠳ ᠦᠭᠡᠢ ᠨᠡᠪᠲᠡᠷᠡᠬᠦ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ; ᠲᠠᠷᠢᠶᠠᠯᠠᠩ ᠲᠤᠰᠠᠯᠠᠬᠤ ᠠᠵᠤ ᠠᠬᠤᠢ ᠵᠢᠨ ᠪᠦᠲᠦᠭᠡᠭᠳᠡᠬᠦᠨ᠎ᠢ ᠳᠠᠶ᠋ᠢᠴᠢᠯᠠᠨ ᠠᠭᠤᠯᠠᠨ ᠭᠠᠵᠠᠷ᠎ᠠᠴᠠ ᠭᠠᠷᠭ᠋ᠠᠵᠤ᠂ ᠵᠠᠬ᠎ᠠ ᠳᠡᠯᠭᠡᠭᠦᠷ᠎ᠲᠤ ᠭᠠᠷᠭ᠋ᠠᠨ᠎ᠠ᠃

ᠢᠷᠡᠯᠲᠡ᠄ ᠠᠷᠠᠳ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠳᠥᠷᠪᠡᠳᠦᠭᠡᠷ ᠤᠳᠠᠭ᠋ᠠᠨ᠎ᠤ ᠪᠦᠬᠦ ᠤᠯᠤᠰ᠎ᠤᠨ ᠬᠥᠳᠡᠭᠡ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠥᠷᠨᠢᠭᠦᠯᠬᠦ ᠲᠤᠬᠠᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠡᠳᠡᠭᠳᠡᠯ
《ᠬᠥᠨᠳᠡᠯᠡᠨ ᠲᠣᠭᠣᠷᠢᠭ᠎ᠤᠨ ᠪᠠᠷᠢᠯᠭ᠎ᠠ ᠵᠢᠨ ᠬᠣᠭ ᠨᠣᠪᠰᠢ ᠵᠢ ᠲᠡᠭᠡᠭᠡᠪᠦᠷᠢᠯᠡᠵᠦ ᠰᠢᠢᠳᠪᠦᠷᠢᠯᠡᠬᠦ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》᠎ᠤᠨ ᠲᠤᠬᠠᠢ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《ᠬᠥᠨᠳᠡᠯᠡᠨ ᠲᠣᠭᠣᠷᠢᠭ᠎ᠤᠨ ᠤᠰᠤ ᠠᠷᠪᠢᠯᠠᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ》᠎ᠤᠨ ᠲᠤᠬᠠᠢ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠠᠵᠤ ᠠᠬᠤᠶ᠋ᠢᠯᠠᠯ᠎ᠤᠨ ᠨᠡᠪᠴᠢᠭᠦᠯᠦᠬᠦᠷ᠎ᠤᠨ ᠬᠠᠮᠢᠶᠠᠷᠤᠯᠲᠠ ᠵᠢᠨ ᠠᠷᠭ᠎ᠠ》 ᠵᠢᠨ ᠲᠠᠶ᠋ᠢᠯᠤᠮᠵᠢ
《ᠤᠯᠤᠰ᠎ᠤᠨ ᠨᠡᠮᠡᠭᠦᠷᠢ》 ᠦᠷᠭᠦᠯᠵᠢᠯᠡᠵᠦ ᠪᠣᠢ
 
ᠪᠦᠬᠦ᠌ ᠵᠦᠢᠯ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠡᠷᠡᠰ ᠬᠤᠷᠢᠭᠯᠠᠨ᠎ᠠ 蒙ICP备06000790号-2
Baidu
必威betway入口主页欢迎您