ᠡᠨᠡ ᠵᠢᠯ᠎ᠠᠴᠠ ᠨᠠᠭ᠋ᠠᠰᠢ᠂ ᠬᠥᠨᠳᠡᠯᠡᠨ ᠲᠣᠭᠣᠷᠢᠭ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠪᠣᠯᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ 《ᠬᠣᠶᠠᠷ ᠰᠢᠨ᠎ᠡ》 ᠪᠠᠷ ᠤᠳᠤᠷᠢᠳᠤᠮᠵᠢ ᠪᠤᠯᠭ᠋ᠠᠬᠤ ᠵᠢ ᠪᠠᠷᠢᠮᠲᠠᠯᠠᠵᠤ᠂ ᠪᠦᠬᠦ ᠵᠢᠯ᠎ᠤᠨ ᠬᠥᠭᠵᠢᠯᠲᠡ ᠵᠢᠨ ᠬᠠᠷᠠᠯᠲᠠ ᠵᠢ ᠨᠢᠬᠲᠠ ᠡᠵᠡᠮᠳᠡᠵᠦ᠂ ᠪᠦᠬᠦ ᠬᠦᠴᠦᠨ ᠵᠶ᠋ᠠᠷ ᠵᠶ᠋ᠠᠨ ᠨᠡᠮᠡᠭᠳᠡᠯ᠎ᠢ ᠲᠣᠭᠲᠠᠪᠤᠷᠢᠵᠢᠭᠤᠯᠵᠤ᠂ ᠢᠲᠡᠭᠡᠯ ᠵᠣᠷᠢᠭ ᠵᠶ᠋ᠠᠨ ᠪᠠᠳᠤᠳᠬᠠᠵᠤ᠂ ᠬᠥᠭᠵᠢᠯᠲᠡ ᠵᠢ ᠠᠬᠢᠭᠤᠯᠪᠠ᠃ ᠪᠦᠷᠢᠳᠬᠡᠯ᠎ᠢ ᠦᠨᠳᠦᠰᠦᠯᠡᠪᠡᠯ᠂ ᠲᠦᠷᠦᠭᠦᠦ ᠭᠤᠷᠪᠠᠨ ᠤᠯᠠᠷᠢᠯ᠎ᠳᠤ᠂ ᠬᠥᠨᠳᠡᠯᠡᠨ ᠲᠣᠭᠣᠷᠢᠭ᠎ᠤᠨ ᠭᠠᠵᠠᠷ ᠣᠷᠣᠨ᠎ᠤ ᠦᠢᠯᠡᠳᠪᠦᠷᠢᠯᠡᠯ᠎ᠤᠨ ᠶᠡᠷᠦᠩᠬᠡᠶ ᠥᠷᠲᠡᠭ 977.63 ᠳ᠋ᠦᠩᠰᠢᠭᠤᠷ ᠲᠥᠭᠥᠷᠢᠭ᠎ᠲᠤ ᠬᠦᠷᠴᠦ᠂ ᠪᠥᠬᠥ ᠬᠣᠲᠠ ᠵᠢᠨ ᠶᠡᠷᠦᠩᠬᠡᠶ ᠬᠡᠮᠵᠢᠶᠡᠨ᠎ᠤ 31.5% ᠵᠢ ᠡᠵᠡᠯᠡᠪᠡ; ᠲᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 12.9%᠎ᠪᠠᠷ ᠨᠡᠮᠡᠭᠳᠡᠵᠦ᠂ ᠪᠦᠬᠦ ᠬᠣᠲᠠ ᠵᠢᠨ᠎ᠬᠢ᠎ᠠᠴᠠ ᠵᠠᠭᠤᠨ᠎ᠤ ᠬᠠᠷᠢᠴᠠᠯ ᠵᠶ᠋ᠠᠷ 2.8 ᠬᠤᠪᠢ ᠥᠨᠳᠥᠷ ᠪᠣᠯᠵᠤ᠂ ᠶᠡᠷᠦᠩᠬᠡᠶ ᠬᠡᠮᠵᠢᠶ᠎ᠡ᠎ᠪᠠᠷ ᠵᠶ᠋ᠠᠨ ᠪᠦᠬᠦ ᠬᠣᠲᠠ᠎ᠳᠤ ᠲᠦᠷᠦᠬᠦᠯᠡᠵᠦ᠂ ᠨᠡᠮᠡᠭᠳᠡᠯ᠎ᠤᠨ ᠬᠤᠷᠳᠤᠴᠠ᠎ᠨᠢ ᠪᠦᠬᠦ ᠬᠣᠲᠠ ᠵᠢᠨ 2 ᠳ᠋ᠤᠭ᠋ᠠᠷ᠎ᠲᠤ ᠣᠷᠣᠵᠤ᠂ ᠨᠡᠷᠡᠰ᠎ᠤᠨ ᠳᠠᠷᠠᠭ᠋ᠠᠯᠠᠯ᠎ᠨᠢ ᠳᠡᠭᠡᠷ᠎ᠡ ᠬᠠᠭ᠋ᠠᠰ ᠵᠢᠯ᠎ᠤᠨ᠎ᠬᠢ᠎ᠲᠠᠢ ᠲᠡᠩᠴᠡᠵᠡᠶ᠃ ᠨᠢᠭᠡ᠂ ᠬᠤᠶᠠᠷ᠂ ᠭᠤᠷᠪᠠᠳᠤᠭ᠋ᠠᠷ ᠠᠵᠤ ᠦᠢᠯᠡᠰ ᠵᠶ᠋ᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ᠎ᠤᠨ ᠨᠡᠮᠡᠭᠳᠡᠯ ᠥᠷᠲᠡᠭ 2.13 ᠳ᠋ᠦᠩᠰᠢᠭᠤᠷ ᠲᠥᠭᠥᠷᠢᠭ᠎ᠲᠤ ᠬᠦᠷᠴᠦ᠂ ᠲᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 9.4%᠎ᠪᠠᠷ ᠨᠡᠮᠡᠭᠳᠡᠪᠡ; ᠬᠣᠶᠠᠳᠤᠭ᠋ᠠᠷ ᠠᠵᠤ ᠦᠢ᠍ᠯᠡᠰ᠎ᠤᠨ ᠨᠡᠮᠡᠭᠳᠡᠯ ᠥᠷᠲᠡᠭ 512.89 ᠳ᠋ᠦᠩᠰᠢᠭᠤᠷ ᠲᠥᠭᠥᠷᠢᠭ᠎ᠲᠤ ᠬᠦᠷᠴᠦ᠂ 21.1%᠎ᠪᠠᠷ ᠨᠡᠮᠡᠭᠳᠡᠪᠡ; ᠭᠤᠷᠪᠠᠳᠤᠭ᠋ᠠᠷ ᠠᠵᠤ ᠦᠢ᠍ᠯᠡᠰ᠎ᠤᠨ ᠨᠡᠮᠡᠭᠳᠡᠯ ᠥᠷᠳᠡᠭ 462.61 ᠳ᠋ᠦᠩᠰᠢᠭᠤᠷ ᠲᠥᠭᠥᠷᠢᠭ᠎ᠲᠤ ᠬᠦᠷᠴᠦ᠂ 5.9%᠎ᠪᠠᠷ ᠨᠡᠮᠡᠭᠳᠡᠨ᠂ ᠡᠨᠡ ᠭᠤᠷᠪᠠᠨ ᠠᠵᠤ ᠦᠢ᠍ᠯᠡᠰ᠎ᠤᠨ ᠪᠦᠲᠦᠴᠡ ᠵᠢᠨ ᠬᠠᠷᠢᠴᠠᠯ 0.2᠄ 52.5᠄ 47.3 ᠪᠣᠯᠪᠠ᠃
ᠲᠦᠷᠦᠭᠦᠦ ᠭᠤᠷᠪᠠᠨ ᠤᠯᠠᠷᠢᠯ᠎ᠳᠤ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠵᠢᠨ ᠨᠡᠮᠡᠭᠳᠡᠯ ᠥᠷᠲᠡᠭ ᠲᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 32.8%᠎ᠪᠠᠷ ᠨᠡᠮᠡᠭᠳᠡᠵᠦ᠂ ᠪᠥᠬᠥ ᠬᠣᠲᠠ ᠵᠢᠨ᠎ᠬᠢ᠎ᠠᠴᠠ ᠵᠠᠭᠤᠨ᠎ᠤ ᠬᠠᠷᠢᠴᠠᠯ 9.1 ᠬᠤᠪᠢ ᠥᠨᠳᠥᠷ ᠪᠣᠯᠵᠣ᠂ ᠪᠥᠬᠥ ᠬᠣᠲᠠ᠎ᠳᠤ ᠦᠵᠡᠭᠦᠯᠦᠭᠰᠡᠨ ᠬᠤᠪᠢ ᠨᠡᠮᠡᠷᠢ 37.8%᠎ᠳᠤ ᠬᠦᠷᠴᠦ᠂ ᠵᠠᠭᠤᠨ᠎ᠤ ᠬᠠᠷᠢᠴᠠᠯ ᠵᠶ᠋ᠠᠷ 9.0 ᠬᠤᠪᠢ ᠳᠠᠶ᠋ᠢᠴᠢᠯᠠᠵᠤ᠂ ᠪᠥᠬᠥ ᠬᠣᠲᠠ ᠵᠢᠨ 3 ᠳ᠋ᠤᠭ᠋ᠠᠷ᠎ᠲᠤ ᠤᠷᠤᠵᠤ᠂ ᠬᠣᠲᠠ ᠵᠢᠨ ᠲᠠᠪᠤᠨ ᠲᠣᠭᠣᠷᠢᠭ᠎ᠤᠨ ᠲᠤᠳᠤᠷ᠎ᠠ᠎ᠪᠠᠨ ᠲᠦᠷᠦᠬᠦᠯᠡᠪᠠ; ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠲᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 29.6 %᠎ᠪᠠᠷ ᠨᠡᠮᠡᠭᠳᠡᠵᠦ᠂ ᠪᠦᠬᠦ ᠬᠣᠲᠠ ᠵᠢᠨ᠎ᠬᠢ᠎ᠠᠴᠠ ᠵᠠᠭᠤᠨ᠎ᠤ ᠬᠠᠷᠢᠴᠠᠯ ᠵᠶ᠋ᠠᠷ 9.3 ᠬᠤᠪᠢ ᠳᠣᠣᠷ᠎ᠠ ᠪᠣᠯᠵᠤ᠂ ᠪᠦᠬᠦ ᠬᠣᠲᠠ ᠵᠢᠨ 6 ᠳ᠋ᠤᠭ᠋ᠠᠷ᠎ᠲᠤ ᠤᠷᠤᠵᠤ᠂ ᠬᠣᠲᠠ ᠵᠢᠨ ᠲᠠᠪᠤᠨ ᠲᠣᠭᠣᠷᠢᠭ᠎ᠤᠨ ᠲᠤᠳᠤᠷ᠎ᠠ᠎ᠪᠠᠨ 4 ᠳ᠋ᠦ᠍ᠭᠡᠷ᠎ᠲᠤ ᠣᠷᠣᠪᠠ; ᠨᠡᠢ᠌ᠭᠡᠮ᠎ᠤᠨ ᠬᠡᠷᠡᠭᠯᠡᠭᠡᠨ᠎ᠤ ᠲᠠᠸᠠᠷ᠎ᠢ ᠵᠢᠵᠢᠭᠯᠡᠨ ᠪᠤᠷᠤᠯᠠᠭᠤᠯᠤᠬᠰᠠᠨ ᠶᠡᠷᠦᠩᠬᠡᠢ ᠬᠡᠮᠵᠢᠶ᠎ᠡ 257.23 ᠳ᠋ᠦᠩᠰᠢᠭᠤᠷ ᠲᠥᠭᠥᠷᠢᠭ᠎ᠢ ᠪᠡᠶᠡᠯᠡᠭᠦᠯᠵᠦ᠂ ᠲᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 5.5%᠎ᠪᠠᠷ ᠨᠡᠮᠡᠭᠳᠡᠵᠦ᠂ ᠪᠦᠬᠦ ᠬᠣᠲᠠ ᠵᠢᠨ᠎ᠬᠢ᠎ᠲᠠᠢ ᠲᠡᠩᠴᠡᠵᠦ᠂ ᠪᠦᠬᠦ ᠬᠣᠲᠠ᠎ᠳᠤ ᠦᠵᠡᠭᠦᠯᠦᠭᠰᠡᠨ ᠬᠤᠪᠢ ᠨᠡᠮᠡᠷᠢ 33.4% ᠪᠠᠢ᠌ᠵᠤ᠂ ᠶᠡᠷᠦᠩᠬᠡᠢ ᠬᠡᠮᠵᠢᠶ᠎ᠡ᠎ᠪᠠᠷ ᠵᠶ᠋ᠠᠨ ᠪᠦᠬᠦ ᠬᠣᠲᠠ᠎ᠳᠤ ᠲᠦᠷᠦᠬᠦᠯᠡᠵᠦ᠂ ᠨᠡᠮᠡᠭᠳᠡᠯ᠎ᠤᠨ ᠬᠤᠷᠳᠤᠴᠠ᠎ᠨᠢ ᠪᠦᠬᠦ ᠬᠣᠲᠠ ᠵᠢᠨ 6 ᠳ᠋ᠤᠭ᠋ᠠᠷ᠎ᠲᠤ ᠤᠷᠤᠵᠤ᠂ ᠬᠣᠲᠠ ᠵᠢᠨ ᠲᠠᠪᠤᠨ ᠲᠣᠭᠣᠷᠢᠭ᠎ᠤᠨ ᠲᠤᠳᠤᠷ᠎ᠠ 3 ᠳ᠋ᠤᠭ᠋ᠠᠷ᠎ᠲᠤ ᠣᠷᠣᠵᠠᠢ; ᠬᠣᠲᠠ ᠪᠠᠯᠭ᠋ᠠᠰᠤᠨ᠎ᠤ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 47500 ᠲᠥᠭᠥᠷᠢᠭ᠎ᠲᠤ ᠬᠦᠷᠴᠦ᠂ ᠲᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 5.2% ᠵᠶ᠋ᠠᠷ ᠨᠡᠮᠡᠭᠳᠡᠵᠦ᠂ ᠪᠥᠬᠥ ᠬᠣᠲᠠ ᠵᠢᠨ 4 ᠳ᠋ᠤᠭᠡᠷ ᠤᠷᠤᠵᠤ᠂ ᠬᠣᠲᠠ ᠵᠢᠨ ᠲᠠᠪᠤᠨ ᠲᠣᠭᠣᠷᠢᠭ᠎ᠤᠨ ᠲᠤᠳᠤᠷ᠎ᠠ 2 ᠳ᠋ᠤᠭ᠋ᠠᠷ᠎ᠲᠤ ᠣᠷᠣᠵᠤ᠂ ᠶᠡᠷᠦᠩᠬᠡᠶ ᠬᠡᠮᠵᠢᠶ᠎ᠡ᠎ᠪᠠᠷ ᠵᠶ᠋ᠠᠨ ᠪᠥᠬᠥ ᠬᠣᠲᠠ᠎ᠳᠤ ᠲᠦᠷᠦᠭᠦᠯᠡᠪᠡ; ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠣᠷᠣᠯᠭ᠎ᠠ ᠨᠡᠶ᠋ᠢᠲᠡ 27.88 ᠳ᠋ᠦᠩᠰᠢᠭᠤᠷ ᠲᠥᠭᠥᠷᠢᠭ᠎ᠢ ᠪᠡᠶᠡᠯᠡᠭᠦᠯᠵᠦ᠂ ᠲᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 18.8%᠎ᠪᠠᠷ ᠨᠡᠮᠡᠭᠳᠡᠪᠡ᠃