ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠶᠣᠯ ᠵᠢᠭᠤᠯᠴᠢᠯᠠᠯ
ᠰᠣᠶᠣᠯ ᠡᠷᠳᠡᠨᠢ
ᠢᠯᠡ ᠵᠠᠰᠠᠭ   -   ᠲᠤᠭ᠎ᠠ ᠪᠦᠷᠢᠳᠬᠡᠯ
ᠬᠥᠨᠳᠡᠯᠡᠨ ᠲᠣᠭᠣᠷᠢᠭ᠎ᠤᠨ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠲᠣᠭᠲᠠᠭᠤᠨ ᠵᠶ᠋ᠠᠷ ᠨᠡᠮᠡᠭᠳᠡᠵᠦ᠂ ᠶᠠᠰᠤ ᠴᠢᠨᠠᠷ ᠦᠷ᠎ᠡ ᠠᠰᠢᠭ᠎ᠤᠨ ᠳᠡᠭᠡᠭᠰᠢᠯᠡᠯᠲᠡ ᠲᠣᠭᠲᠠᠭᠤᠨ ᠵᠶ᠋ᠠᠷ ᠠᠬᠢᠪᠠ
ᠨᠡᠶ᠋ᠢᠲᠡᠯᠡᠭᠰᠡᠨ ᠴᠠᠭ᠄ 2025-05-14

    ᠲᠦᠷᠦᠬᠦᠦ ᠤᠯᠠᠷᠢᠯ᠎ᠳᠤ᠂ ᠬᠥᠨᠳᠡᠯᠡᠨ ᠲᠣᠭᠣᠷᠢᠭ᠎ᠤᠨ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠲᠡᠬᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 2.8%᠎ᠪᠠᠷ ᠨᠡᠮᠡᠭᠳᠡᠵᠦ᠂ ᠶᠡᠷᠦᠩᠬᠡᠶ ᠬᠡᠮᠵᠢᠶ᠎ᠡ᠎ᠨᠢ ᠪᠥᠬᠥ ᠬᠣᠲᠠ ᠵᠢᠨ ᠬᠣᠰᠢᠭᠤ ᠰᠢᠶᠠᠨ ᠲᠣᠭᠣᠷᠢᠭ᠎ᠲᠤ ᠲᠦᠷᠦᠬᠦᠯᠡᠬᠦ ᠵᠢ ᠦᠷᠭᠦᠯᠵᠢᠯᠡᠨ ᠪᠠᠲᠤᠯᠠᠪᠠ᠃
    ᠦᠢᠯᠡᠳᠬᠦ ᠦᠢᠯᠡᠰ᠎ᠨᠢ ᠪᠠᠯᠠ ᠣᠷᠣᠭᠤᠯᠤᠯᠲᠠ ᠵᠢᠨ ᠨᠡᠮᠡᠭᠳᠡᠯ᠎ᠢ ᠬᠥᠲᠥᠯᠦᠨ ᠳᠠᠭ᠋ᠠᠭᠤᠯᠪᠠ᠃ ᠲᠦᠷᠦᠬᠦᠦ ᠤᠯᠠᠷᠢᠯ᠎ᠳᠤ᠂ ᠦᠢᠯᠡᠳᠬᠦ ᠦᠢᠯᠡᠰ᠎ᠤᠨ ᠪᠡᠯᠡ ᠤᠷᠤᠭᠤᠯᠤᠯᠳᠠ᠎ᠨᠢ ᠪᠥᠬᠥ ᠪᠠᠯᠠ ᠣᠷᠣᠭᠤᠯᠤᠯᠲᠠ᠎ᠳᠠᠬᠢ ᠡᠵᠡᠯᠡᠬᠦ ᠬᠤᠪᠢ ᠵᠢᠨ ᠵᠢᠩ 83.9%᠎ᠳᠤ ᠬᠦᠷᠴᠦ᠂ ᠲᠡᠬᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 7.3%᠎ᠪᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ᠎ᠠᠴᠠ ᠵᠠᠭᠤᠨ᠎ᠤ ᠬᠠᠷᠢᠴᠠᠯ ᠵᠶ᠋ᠠᠷ 4.5 ᠬᠤᠪᠢ ᠥᠨᠳᠥᠷ ᠪᠣᠯᠵᠣ᠂ ᠪᠥᠬᠥ ᠪᠠᠯᠠ ᠣᠷᠣᠭᠤᠯᠤᠯᠲᠠ᠎ᠳᠤ ᠬᠤᠪᠢ ᠨᠡᠮᠡᠷᠢ ᠦᠵᠡᠬᠦᠯᠦᠭᠰᠡᠨ ᠨᠤᠷᠮ᠎ᠡ 208.0%᠎ᠳᠤ ᠬᠦᠷᠴᠦ᠂ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠢ ᠵᠠᠭᠤᠨ᠎ᠤ ᠬᠠᠷᠢᠴᠠᠯ ᠵᠶ᠋ᠠᠷ 5.9 ᠬᠤᠪᠢ ᠳᠠᠶ᠋ᠢᠴᠢᠯᠠᠪᠠ᠃
    ᠠᠷᠠᠳ᠎ᠤᠨ ᠪᠡᠯᠡ ᠣᠷᠣᠭᠤᠯᠤᠯᠲᠠ ᠲᠦᠷᠭᠡᠨ ᠨᠡᠮᠡᠭᠳᠡᠪᠡ᠃   ᠲᠦᠷᠦᠬᠦᠦ ᠤᠯᠠᠷᠢᠯ᠎ᠳᠤ᠂ ᠠᠷᠠᠳ᠎ᠤᠨ ᠪᠡᠯᠡ ᠣᠷᠣᠭᠤᠯᠤᠯᠲᠠ ᠪᠦᠬᠦ ᠪᠡᠯᠡ ᠣᠷᠣᠭᠤᠯᠤᠯᠲᠠ ᠵᠢᠨ 84.2%᠎ᠢ ᠡᠵᠡᠯᠡᠵᠦ᠂ ᠲᠡᠬᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 0.6%᠎ᠪᠠᠷ ᠨᠡᠮᠡᠭᠳᠡᠵᠦ᠂ 1 — 2 ᠰᠠᠷ᠎ᠠ ᠵᠢᠨ᠎ᠬᠢ᠎ᠠᠴᠠ ᠵᠠᠭᠤᠨ᠎ᠤ ᠬᠠᠷᠢᠴᠠᠯ ᠵᠶ᠋ᠠᠷ 14.7 ᠬᠤᠪᠢ ᠲᠦᠷᠬᠡᠨ ᠪᠤᠯᠵᠤ᠂ ᠪᠦᠬᠦ ᠪᠡᠯᠡ ᠣᠷᠣᠭᠤᠯᠤᠯᠲᠠ᠎ᠳᠤ ᠬᠤᠪᠢ ᠨᠡᠮᠡᠷᠢ ᠦᠵᠡᠬᠦᠯᠦᠭᠰᠡᠨ ᠨᠤᠷᠮ᠎ᠠ     18.3%᠎ᠲᠤ ᠬᠦᠷᠴᠡᠢ᠃
    ᠳᠡᠭᠡᠳᠦ ᠮᠡᠷᠭᠡᠵᠢᠯ᠎ᠤᠨ ᠠᠵᠤ ᠦᠢ᠍ᠯᠡᠰ᠎ᠤᠨ ᠪᠡᠯᠡ ᠣᠷᠣᠭᠤᠯᠤᠯᠲᠠ ᠵᠢᠨ ᠨᠡᠮᠡᠭᠳᠡᠯ᠎ᠤᠨ ᠬᠠᠨᠳᠤᠰᠢ ᠰᠠᠢ᠌ᠨ ᠪᠠᠶ᠋ᠢᠨ᠎ᠠ᠃ ᠲᠦᠷᠦᠬᠦᠦ ᠤᠯᠠᠷᠢᠯ᠎ᠳᠤ᠂ ᠳᠡᠭᠡᠳᠦ ᠮᠡᠷᠭᠡᠵᠢᠯ᠎ᠤᠨ ᠠᠵᠤ ᠦᠢ᠍ᠯᠡᠰ᠎ᠤᠨ ᠪᠡᠯᠡ ᠣᠷᠣᠭᠤᠯᠤᠯᠲᠠ ᠪᠦᠬᠦ ᠪᠡᠯᠡ ᠣᠷᠣᠭᠤᠯᠤᠯᠲᠠ ᠵᠢᠨ 36.5% ᠵᠢ ᠡᠵᠡᠯᠡᠵᠦ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 4.9 ᠲᠠᠬᠢᠨ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠪᠦᠬᠦ ᠪᠡᠯᠡ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠡ᠎ᠠᠴᠠ ᠵᠠᠭᠤᠨ᠎ᠤ ᠬᠠᠷᠢᠴᠠᠯ ᠵᠶ᠋ᠠᠷ 487.6 ᠬᠤᠪᠢ ᠥᠨᠳᠥᠷ ᠪᠣᠯᠵᠠᠢ᠃ ᠡᠭᠦᠨ᠎ᠳᠤ᠂ ᠳᠡᠭᠡᠳᠦ ᠮᠡᠷᠭᠡᠵᠢᠯ᠎ᠤᠨ ᠦᠢᠯᠡᠳᠬᠦ ᠦᠢᠯᠡᠰ᠎ᠤᠨ ᠪᠠᠯᠠ ᠣᠷᠣᠭᠤᠯᠤᠯᠲᠠ ᠲᠡᠬᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 41.1 ᠳᠠᠬᠢᠨ ᠨᠡᠮᠡᠭᠳᠡᠪᠡ᠃

ᠢᠷᠡᠯᠲᠡ᠄ ᠬᠦᠨᠳᠡᠯᠡᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠬᠥᠨᠳᠡᠯᠡᠨ ᠲᠣᠭᠣᠷᠢᠭ᠎ᠤᠨ ᠵᠠᠬ᠎ᠠ ᠳᠡᠯᠭᠡᠭᠦᠷ᠎ᠤᠨ ᠪᠣᠷᠣᠯᠠᠭᠤᠯᠭ᠎ᠠ ᠵᠢᠨ ᠨᠡᠮᠡᠭᠳᠡᠯ ᠲᠦᠷᠬᠡᠨ ᠪᠤᠯᠵᠤ᠂ ᠬᠡᠷᠡᠭᠯᠡᠭᠡᠨ᠎ᠤ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ ᠲᠡᠭᠦᠯᠳᠡᠷ ᠪᠠᠶ᠋ᠢᠨ᠎ᠠ
ᠬᠥᠨᠳᠡᠯᠡᠨ ᠲᠣᠭᠣᠷᠢᠭ᠎ᠤᠨ ᠰᠠᠭᠤᠭ᠋ᠠᠯᠢ ᠠᠷᠠᠳ᠎ᠤᠨ ᠣᠷᠣᠯᠭ᠎ᠠ ᠲᠣᠭᠲᠠᠭᠤᠨ ᠵᠶ᠋ᠠᠷ ᠨᠡᠮᠡᠭᠳᠡᠪᠡ
2018 ᠤᠨ᠎ᠤ ᠲᠦᠷᠦᠬᠦᠦ ᠭᠤᠷᠪᠠᠨ ᠤᠯᠠᠷᠢᠯ᠎ᠳᠤ ᠬᠦᠨᠳᠡᠯᠡᠨ ᠲᠤᠭᠤᠷᠢᠭ᠎ᠤᠨ ᠠᠵᠤ ᠠᠬᠤᠢ ᠵᠢᠨ ᠬᠦᠭᠵᠢᠯᠳᠠ ᠲᠤᠬᠳᠠᠭᠤᠨ᠎ᠤ ᠲᠤᠮᠳᠠ ᠰᠠᠢ᠍ᠢ᠍ᠵᠢᠷᠠᠪᠠ
ᠬᠦᠨᠳᠡᠯᠡᠨ ᠲᠤᠭᠤᠷᠢᠭ᠎ᠤᠨ ᠲᠦᠷᠪᠡᠳᠦᠬᠡᠷ ᠤᠳᠠᠭ᠎ᠠ ᠵᠢᠨ ᠠᠵᠤ ᠠᠬᠤᠢ ᠵᠢᠨ ᠨᠠᠢ᠍ᠢ᠍ᠳᠡᠮ ᠪᠠᠢ᠍ᠢ᠍ᠴᠠᠭ᠋ᠠᠯᠳᠠ ᠵᠢᠨ ᠠᠵᠢᠯ ᠪᠦᠬᠦ ᠲᠠᠯ᠎ᠠ᠎ᠪᠠᠷ ᠦᠷᠨᠢᠵᠤ ᠪᠤᠢ
2018 ᠤᠨ᠎ᠤ 1 — 8 ᠰᠠᠷ᠎ᠠ ᠬᠦᠨᠳᠡᠯᠡᠨ ᠲᠤᠭᠤᠷᠢᠭ᠎ᠤᠨ ᠠᠵᠤ ᠠᠬᠤᠢ ᠵᠢᠨ ᠡᠷᠬᠢᠯᠳᠠ ᠲᠤᠬᠳᠠᠭᠤᠨ᠎ᠢ ᠪᠠᠳᠤᠯᠠᠪᠠ
 
ᠪᠦᠬᠦ᠌ ᠵᠦᠢᠯ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠡᠷᠡᠰ ᠬᠤᠷᠢᠭᠯᠠᠨ᠎ᠠ 蒙ICP备06000790号-2
Baidu
必威betway入口主页欢迎您