2024 ᠣᠨ᠎ᠤ ᠤᠯᠤᠰ᠎ᠤᠨ ᠪᠠᠶᠠᠷ᠎ᠤᠨ ᠠᠮᠠᠷᠠᠯᠲᠠ ᠬᠦᠷᠴᠦ ᠢᠷᠡᠬᠦ ᠲᠠᠰᠢᠷᠠᠮ ᠵᠶ᠋ᠠᠷ᠂ ᠰᠣᠶᠣᠯ ᠪᠠ ᠵᠢᠭᠤᠯᠴᠢᠯᠠᠯ᠎ᠤᠨ ᠶᠠᠮᠤᠨ᠎ᠠᠴᠠ ᠥᠷᠭᠡᠨ ᠤᠯᠠᠨ ᠵᠢᠭᠤᠯᠴᠢᠯᠠᠬᠰᠠᠳ᠎ᠲᠤ ᠰᠠᠨᠠᠭᠤᠯᠬᠤ᠎ᠨᠢ᠄
ᠨᠢᠭᠡ᠂ ᠪᠡᠯᠡᠳᠬᠡᠯ ᠠᠵᠢᠯ ᠵᠶ᠋ᠠᠨ ᠭᠦᠢ᠍ᠴᠡᠳ ᠬᠢᠬᠦ ᠬᠡᠷᠡᠭᠲᠡᠢ᠃ ᠵᠢᠭᠤᠯᠴᠢᠯᠠᠯ᠎ᠤᠨ ᠵᠠᠮ ᠱᠤᠭᠤᠮ ᠵᠢᠴᠢ ᠴᠠᠭ ᠬᠤᠭᠤᠴᠠᠭ᠎ᠠ ᠪᠠᠨ ᠵᠣᠬᠢᠰᠲᠠᠶ ᠲᠥᠯᠥᠪᠵᠢᠭᠦᠯᠵᠦ᠂ ᠡᠵᠡᠩᠨᠡᠬᠦ ᠬᠢᠷᠢ ᠬᠡᠮ᠎ᠲᠠᠢ ᠵᠢᠭᠤᠯᠴᠢᠯᠠᠯ᠎ᠤᠨ ᠬᠤᠷᠢᠶ᠎ᠠ ᠵᠢ ᠰᠣᠩᠭᠣᠬᠤ ᠬᠡᠷᠡᠭᠳᠡᠢ᠃ ᠵᠢᠭᠤᠯᠴᠢᠯᠠᠯ᠂ ᠳᠣᠲᠣᠭ᠋ᠠᠳᠤ ᠵᠢ ᠬᠠᠮᠠᠭ᠋ᠠᠯᠠᠬᠤ᠂ ᠵᠠᠮ ᠬᠠᠷᠢᠯᠴᠠᠭ᠎ᠠ᠂ ᠴᠠᠭ ᠠᠭᠤᠷ᠂ ᠭᠠᠳᠠᠭ᠋ᠠᠳᠤ ᠶᠠᠪᠤᠳᠠᠯ ᠵᠡᠷᠭᠡ ᠰᠠᠯᠠᠭ᠎ᠠ ᠮᠥᠴᠢᠷ᠎ᠤᠨ ᠨᠡᠶ᠋ᠢᠲᠡᠯᠡᠭᠰᠡᠨ ᠭᠠᠳᠠᠭᠰᠢ ᠭᠠᠷᠬᠤ ᠰᠠᠨᠠᠭᠤᠯᠤᠮᠵᠢ ᠵᠢ ᠠᠩᠬᠠᠷᠴᠤ᠂ ᠵᠠᠮ ᠬᠠᠷᠢᠯᠴᠠᠭ᠎ᠠ᠂ ᠠᠭᠤᠷ ᠠᠮᠢᠰᠬᠤᠯ᠎ᠤᠨ ᠨᠥᠬᠥᠴᠡᠯ ᠵᠢᠴᠢ ᠠᠮᠤᠷ ᠲᠦᠪᠰᠢᠨ᠎ᠤ ᠪᠠᠶ᠋ᠢᠳᠠᠯ ᠪᠠᠲᠤᠯᠠᠭ᠎ᠠ ᠦᠭᠡᠢ ᠵᠢᠭᠤᠯᠴᠢᠯᠠᠯ᠎ᠤᠨ ᠭᠠᠵᠠᠷ᠎ᠲᠤ ᠣᠴᠢᠬᠤ ᠦᠭᠡᠢ ᠪᠠᠢ᠌ᠵᠤ᠂ ᠨᠡᠭᠡᠭᠡᠨ ᠬᠥᠭᠵᠢᠭᠦᠯᠦᠭᠡᠳᠦᠶ᠂ ᠠᠮᠤᠷ ᠲᠦᠪᠰᠢᠨ᠎ᠤ ᠪᠠᠲᠤᠯᠠᠭ᠎ᠠ ᠬᠦᠢ᠍ᠴᠡᠳ ᠪᠤᠰᠤ ᠣᠷᠣᠨ ᠪᠦᠰᠡ᠎ᠳᠤ ᠣᠴᠢᠬᠤ ᠥᠬᠡᠶ᠃ ᠠᠮᠤᠷ ᠲᠦᠪᠰᠢᠨ᠎ᠤ ᠲᠤᠬᠠᠢ ᠴᠢᠬᠤᠯᠠ ᠪᠦᠬᠦᠢ ᠮᠡᠳᠡᠯᠭᠡ᠂ ᠲᠦᠷᠭᠡᠨ ᠠᠪᠤᠷᠠᠬᠤ ᠶᠡᠷᠦ ᠵᠢᠨ ᠮᠡᠳᠡᠯᠭᠡ ᠵᠢ ᠡᠵᠡᠮᠰᠢᠵᠦ᠂ ᠴᠢᠬᠤᠯᠠ ᠪᠦᠬᠦᠢ ᠪᠠᠶ᠋ᠢᠩᠭᠤ ᠬᠡᠷᠡᠭᠯᠡᠬᠦ ᠡᠮ᠎ᠤᠨ ᠵᠦᠢ᠍ᠯ᠎ᠢ ᠪᠡᠯᠡᠳᠬᠡᠬᠦ ᠬᠡᠷᠡᠭᠲᠡᠶ᠃
ᠬᠣᠶᠠᠷ᠂ ᠭᠠᠯ᠎ᠢ ᠰᠡᠷᠬᠡᠢ᠌ᠯᠡᠵᠦ ᠭᠠᠯ ᠤᠨᠲᠠᠷᠠᠭ᠋ᠠᠬᠤ ᠠᠮᠤᠷ ᠲᠦᠪᠰᠢᠨ᠎ᠢ ᠠᠩᠬᠠᠷᠬᠤ ᠬᠡᠷᠡᠭᠲᠡᠶ᠃ ᠦᠵᠡᠮᠵᠢ ᠵᠢᠨ ᠣᠷᠣᠨ᠂ ᠣᠯᠠᠨ ᠨᠡᠶ᠋ᠢᠲᠡ ᠵᠢᠨ ᠰᠣᠶᠣᠯ᠎ᠤᠨ ᠲᠠᠯᠠᠪᠤᠷ ᠣᠷᠳᠣᠨ᠂ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠨᠢᠭᠡᠴᠢ ᠵᠡᠷᠭᠡ ᠲᠠᠯᠠᠪᠤᠷ ᠭᠠᠵᠠᠷ᠎ᠢ ᠲᠣᠭᠣᠷᠢᠨ ᠦᠵᠡᠬᠦ᠎ᠳᠤ᠂ ᠭᠠᠯ᠎ᠢ ᠰᠡᠷᠬᠡᠢ᠌ᠯᠡᠵᠦ ᠭᠠᠯ ᠤᠨᠲᠠᠷᠠᠭ᠋ᠠᠬᠤ ᠵᠢᠴᠢ ᠡᠯ᠎ᠡ ᠲᠥᠷᠥᠯ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠲᠣᠭᠲᠠᠭ᠋ᠠᠯ᠎ᠢ ᠴᠢᠩᠭ᠎ᠠ ᠵᠢᠷᠤᠮᠯᠠᠬᠤ ᠬᠡᠷᠡᠭᠳᠡᠢ᠃ ᠪᠠᠭᠤᠳᠠᠯ᠎ᠳᠤ ᠪᠠᠭᠤᠬᠤ ᠦᠶᠡᠰ᠂ ᠰᠠᠨᠠᠭ᠋ᠠᠴᠢᠯᠠᠭ᠎ᠠ᠎ᠠᠴᠠ᠎ᠪᠠᠨ ᠪᠠᠴᠢᠮ ᠵᠠᠢ᠌ᠯᠠᠭᠤᠯᠤᠨ ᠲᠠᠷᠬᠠᠭ᠋ᠠᠬᠤ ᠵᠠᠮ ᠱᠤᠭᠤᠮ᠎ᠢ ᠣᠢ᠌ᠯᠠᠭ᠋ᠠᠵᠤ᠂ ᠱᠠᠹᠠ ᠪᠤᠶᠤ ᠣᠷᠣ ᠳᠡᠭᠡᠷ᠎ᠡ᠎ᠪᠠᠨ ᠬᠡᠪᠳᠡᠵᠦ ᠲᠠᠮᠠᠬᠢ ᠲᠠᠳᠠᠬᠤ ᠦᠬᠡᠢ᠃ ᠭᠠᠳᠠᠨ᠎ᠠ ᠶᠠᠪᠤᠬᠤ᠎ᠳᠠᠭᠠᠨ ᠭᠠᠯ᠎ᠢ ᠰᠡᠷᠭᠡᠶ᠋ᠢᠯᠡᠨ ᠭᠠᠮᠰᠢᠭ᠎ᠠᠴᠠ ᠵᠠᠶ᠋ᠢᠯᠠᠬᠤ ᠵᠢ ᠠᠩᠬᠠᠷᠴᠤ᠂ ᠭᠠᠯ᠎ᠤᠨ ᠡᠭᠦᠰᠭᠡᠬᠦᠷ ᠠᠪᠴᠤ ᠠᠭᠤᠯᠠᠨ᠎ᠳᠤ ᠭᠠᠷᠬᠤ ᠦᠭᠡᠶ᠂ ᠡᠪᠡᠰᠦ ᠮᠣᠳᠣ ᠢᠭᠴᠤ ᠰᠠᠬᠤᠯᠢᠭ᠂ ᠮᠣᠳᠣᠨ ᠨᠠᠪᠴᠢ ᠣᠪᠣᠭ᠋ᠠᠷᠠᠭᠰᠠᠨ ᠵᠡᠷᠭᠡ ᠠᠮᠠᠷᠬᠠᠨ ᠨᠣᠴᠣᠬᠤ ᠪᠣᠳᠠᠰ ᠲᠥᠪᠯᠡᠷᠡᠭᠰᠡᠨ ᠭᠠᠵᠠᠷ ᠪᠤᠶᠤ ᠭᠠᠯ᠎ᠢ ᠰᠡᠷᠭᠡᠶ᠋ᠢᠯᠡᠬᠦ ᠰᠠᠨᠠᠭᠤᠯᠤᠮᠵᠢ ᠪᠠᠢ᠌ᠬᠤ ᠭᠠᠵᠠᠷ᠎ᠲᠤ ᠲᠠᠮᠠᠬᠢ ᠲᠠᠲᠠᠬᠤ ᠦᠬᠡᠢ᠂ ᠢᠳᠡᠬᠡᠨ ᠰᠢᠷᠠᠬᠤ ᠪᠤᠶᠤ ᠢᠯᠡ ᠭᠠᠯ᠎ᠢ ᠬᠡᠷᠡᠭᠯᠡᠬᠦ ᠦᠭᠡᠶ᠃
ᠭᠤᠷᠪᠠ᠂ ᠠᠮᠤᠷ ᠲᠦᠪᠰᠢᠨ᠎ᠤ ᠤᠬᠠᠮᠰᠠᠷ ᠵᠶ᠋ᠠᠨ ᠴᠢᠩᠭ᠋ᠠᠳᠬᠠᠬᠤ ᠬᠡᠷᠡᠭᠲᠡᠶ᠃ ᠵᠢᠭᠤᠯᠴᠢᠯᠠᠯ᠎ᠤᠨ ᠶᠠᠪᠤᠴᠠ᠎ᠳᠤ ᠠᠮᠤᠷ ᠲᠦᠪᠰᠢᠨ᠎ᠤ ᠰᠡᠷᠡᠮᠵᠢᠯᠡᠬᠦᠯᠦᠯ᠂ ᠲᠦᠭᠰᠢᠭᠦᠷᠢ ᠵᠢᠨ ᠰᠠᠨᠠᠭᠤᠯᠤᠮᠵᠢ᠂ ᠵᠢᠭᠤᠯᠴᠢᠯᠠᠭᠰᠠᠳ᠎ᠤᠨ ᠮᠡᠳᠡᠪᠡᠰᠦ ᠵᠣᠬᠢᠬᠤ ᠵᠡᠷᠭᠡ ᠠᠭᠤᠯᠭ᠎ᠠ ᠵᠢ ᠠᠩᠬᠠᠷᠴᠤ᠂ ᠲᠤᠰ ᠪᠡᠶ᠎ᠡ ᠵᠢᠨ ᠠᠮᠤᠷ ᠲᠦᠪᠰᠢᠨ᠎ᠤ ᠰᠡᠷᠭᠡᠶ᠋ᠢᠯᠡᠯᠲᠡ ᠬᠠᠮᠠᠭ᠋ᠠᠯᠠᠯᠲᠠ᠎ᠪᠠᠨ ᠴᠢᠩᠭ᠋ᠠᠳᠬᠠᠬᠤ ᠬᠡᠷᠡᠭᠲᠡᠶ᠃ ᠮᠠᠰᠢᠨ ᠲᠡᠷᠭᠡ ᠵᠢᠯᠣᠭᠣᠳᠬᠤ ᠪᠤᠶᠤ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠪᠠᠭ᠋ᠠᠵᠢ᠎ᠳᠤ ᠰᠠᠭᠤᠵᠤ ᠵᠢᠭᠤᠯᠴᠢᠯᠠᠬᠤ ᠦᠶᠡᠰ᠂ ᠪᠦᠬᠦ ᠶᠠᠪᠤᠴᠠ᠎ᠳᠤ ᠠᠮᠤᠷ ᠲᠦᠪᠰᠢᠨ᠎ᠤ ᠪᠦᠰᠡ᠎ᠪᠠᠨ ᠪᠦᠰᠡᠯᠡᠵᠦ᠂ ᠬᠣᠷᠢᠭ᠎ᠠ ᠴᠠᠭ᠋ᠠᠵᠠ᠎ᠲᠠᠢ ᠡᠳ᠋ ᠪᠣᠳᠠᠰ᠎ᠢ ᠠᠪᠴᠤ ᠶᠠᠪᠤᠬᠤ ᠦᠭᠡᠢ᠃ ᠲᠣᠭᠣᠷᠢᠨ ᠵᠢᠭᠤᠯᠴᠢᠯᠠᠬᠤ ᠣᠩᠭᠣᠴᠠᠨ᠎ᠳᠤ ᠰᠠᠭᠤᠬᠤ ᠦᠶᠡᠰ᠂ ᠲᠣᠭᠲᠠᠭ᠋ᠠᠯ ᠶᠣᠰᠣᠭ᠋ᠠᠷ ᠠᠮᠢ ᠠᠪᠤᠷᠠᠯᠲᠠ ᠵᠢᠨ ᠬᠤᠪᠴᠠᠰᠤ ᠡᠮᠦᠰᠴᠦ᠂ ᠠᠮᠢ ᠠᠪᠤᠷᠠᠯᠲᠠ ᠵᠢᠨ ᠴᠢᠬᠤᠯᠠ ᠪᠦᠬᠦᠢ ᠲᠤᠨᠤᠭ ᠲᠥᠬᠥᠭᠡᠷᠦᠮᠵᠢ ᠲᠣᠬᠢᠷᠠᠭᠤᠯᠤᠭᠰᠠᠨ ᠦᠭᠡᠢ ᠵᠢᠭᠤᠯᠴᠢᠯᠠᠯ᠎ᠤᠨ ᠣᠩᠭᠣᠴᠠᠨ᠎ᠳᠤ ᠰᠠᠭᠤᠬᠤ ᠦᠭᠡᠢ᠃ ᠥᠪᠡᠷ ᠵᠶ᠋ᠠᠷ ᠲᠡᠷᠭᠡ ᠵᠢᠯᠣᠭᠣᠳᠴᠤ ᠵᠢᠭᠤᠯᠴᠢᠯᠠᠬᠤ᠎ᠠᠴᠠ ᠡᠮᠦᠨ᠎ᠡ ᠮᠠᠰᠢᠨ ᠲᠡᠷᠭᠡᠨ᠎ᠤ ᠠᠮᠤᠷ ᠲᠦᠪᠰᠢᠨ᠎ᠤ ᠪᠠᠢ᠌ᠳᠠᠯ ᠵᠶ᠋ᠠᠨ ᠪᠠᠢ᠌ᠴᠠᠭ᠋ᠠᠵᠤ᠂ ᠵᠠᠮ ᠶᠠᠪᠤᠬᠤ ᠳᠤᠮᠳᠠ ᠵᠠᠮ ᠬᠠᠷᠢᠯᠴᠠᠭ᠋ᠠᠨ᠎ᠤ ᠳᠦᠷᠢᠮ᠎ᠢ ᠵᠢᠷᠤᠮᠯᠠᠵᠤ᠂ ᠲᠡᠷᠭᠡᠨ᠎ᠤ ᠬᠤᠷᠳᠤᠴᠠ᠎ᠪᠠᠨ ᠡᠵᠡᠮᠳᠡᠵᠦ᠂ ᠨᠠᠶ᠋ᠢᠷ ᠲᠠᠯᠪᠢᠬᠤ ᠵᠢ ᠠᠩᠬᠠᠷᠴᠤ᠂ ᠬᠡᠳᠦ ᠶᠠᠳᠠᠷᠠᠵᠤ ᠲᠡᠷᠭᠡ ᠵᠢᠯᠣᠭᠣᠳᠬᠤ ᠪᠠ ᠠᠷᠢᠬᠢ ᠤᠤᠭᠤᠭᠰᠠᠨ᠎ᠤ ᠳᠠᠷᠠᠭ᠎ᠠ ᠲᠡᠷᠭᠡ ᠵᠢᠯᠣᠭᠣᠳᠬᠤ ᠵᠢ ᠡᠷᠡᠰ ᠲᠡᠪᠴᠢᠬᠦ ᠬᠡᠷᠡᠭᠲᠡᠢ᠃
ᠳᠥᠷᠪᠡ᠂ ᠲᠦᠭᠰᠢᠭᠦᠷᠢ ᠶᠡᠬᠡᠲᠡᠶ ᠲᠥᠷᠥᠯ ᠵᠦᠢᠯ᠎ᠳᠤ ᠪᠣᠯᠭᠣᠮᠵᠢᠲᠠᠶ ᠣᠷᠣᠯᠴᠠᠬᠤ ᠬᠡᠷᠡᠭᠲᠡᠢ᠃ ᠥᠨᠳᠥᠷ ᠣᠭᠲᠠᠷᠭᠤᠶ᠎ᠳᠠᠬᠢ᠂ ᠥᠨᠳᠥᠷ ᠬᠤᠷᠳᠤᠴᠠ᠎ᠲᠠᠢ᠂ ᠤᠰᠤᠨ ᠳᠡᠭᠡᠷᠡᠬᠢ᠂ ᠱᠤᠩᠭᠤᠬᠤ᠂ ᠪᠠᠷᠲᠠᠭ᠎ᠠ ᠬᠠᠶ᠋ᠢᠬᠤ ᠵᠡᠷᠭᠡ ᠠᠶᠤᠯ ᠲᠦᠭᠰᠢᠭᠦᠷᠢ ᠶᠡᠬᠡᠲᠡᠶ ᠲᠥᠷᠥᠯ ᠵᠦᠢᠯ᠎ᠳᠤ ᠣᠷᠣᠯᠴᠠᠬᠤ᠎ᠠᠴᠠ᠎ᠪᠠᠨ ᠡᠮᠦᠨ᠎ᠡ᠂ ᠲᠥᠷᠥᠯ ᠵᠦᠢᠯ᠎ᠤᠨ ᠬᠠᠮᠢᠶ᠎ᠠ ᠪᠥᠬᠥᠶ ᠰᠠᠨᠠᠭᠤᠯᠤᠮᠵᠢ ᠵᠢ ᠨᠠᠷᠢᠨ ᠬᠢᠨᠠᠮᠠᠭ᠋ᠠᠶ ᠤᠢ᠌ᠯᠠᠭ᠋ᠠᠵᠤ᠂ ᠬᠤᠪᠢ ᠬᠥᠮᠦᠨ᠎ᠤ ᠨᠠᠰᠤ ᠵᠢᠯ᠂ ᠡᠷᠡᠭᠦᠯ ᠮᠡᠨᠳᠦ ᠵᠢᠨ ᠪᠠᠶ᠋ᠢᠳᠠᠯ ᠵᠶ᠋ᠠᠨ ᠦᠨᠳᠦᠰᠦᠯᠡᠨ ᠴᠢᠳᠠᠯ᠎ᠤᠨ ᠵᠶ᠋ᠠᠨ ᠬᠢᠷᠢ ᠲᠤᠳᠤᠷ᠎ᠠ᠎ᠪᠠᠨ ᠤᠷᠤᠯᠴᠠᠬᠤ ᠬᠡᠷᠡᠭᠲᠡᠶ᠃ ᠠᠵᠢᠯᠯᠠᠭ᠎ᠠ᠎ᠳᠤ ᠣᠷᠣᠯᠴᠠᠬᠤ᠎ᠳᠠᠭᠠᠨ ᠠᠮᠤᠷ ᠲᠦᠪᠰᠢᠨ ᠵᠶ᠋ᠠᠷ ᠶᠠᠪᠤᠬᠳᠠᠭᠤᠯᠬᠤ ᠵᠢᠷᠤᠮᠵᠢᠯ᠎ᠢ ᠴᠢᠩᠭ᠎ᠠ ᠵᠢᠷᠤᠮᠯᠠᠵᠤ᠂ ᠠᠵᠢᠯᠲᠠᠨ᠎ᠤ ᠵᠢᠯᠣᠭᠣᠳᠣᠯᠭ᠎ᠠ ᠵᠢ ᠳᠠᠭ᠋ᠠᠵᠤ᠂ ᠥᠪᠡᠷ᠎ᠤᠨ ᠪᠡᠶ᠎ᠡ ᠵᠢᠴᠢ ᠪᠤᠰᠤᠳ᠎ᠤᠨ ᠠᠮᠤᠷ ᠲᠦᠪᠰᠢᠨ᠎ᠢ ᠰᠦᠷᠳᠡᠭᠦᠯᠵᠦ ᠮᠡᠳᠡᠬᠦ ᠠᠵᠢᠯᠯᠠᠭ᠎ᠠ᠎ᠳᠤ ᠤᠷᠤᠯᠴᠠᠬᠤ ᠥᠬᠡᠶ᠃
ᠲᠠᠪᠤ᠂ ᠪᠣᠯᠪᠠᠰᠤᠨ ᠪᠠᠭ᠎ᠠ ᠨᠡᠭᠦᠷᠡᠰᠦᠲᠥ᠋ᠷᠥᠭᠴᠢᠲᠦ ᠵᠢᠭᠤᠯᠴᠢᠯᠠᠯ᠎ᠢ ᠡᠷᠬᠢᠮᠯᠡᠬᠦ ᠬᠡᠷᠡᠭᠲᠡᠢ᠃ ᠬᠠᠤᠯᠢ ᠲᠣᠭᠲᠠᠭ᠋ᠠᠯ ᠪᠠ ᠨᠡᠶ᠋ᠢᠲᠡ ᠵᠢᠨ ᠡᠮᠬᠢ ᠲᠢᠭᠯᠢᠮ᠎ᠢ ᠵᠢᠷᠤᠮᠯᠠᠨ ᠰᠠᠬᠢᠬᠤ ᠬᠡᠷᠡᠭᠲᠡᠢ᠃ ᠵᠢᠭᠤᠯᠴᠢᠯᠠᠯ᠎ᠤᠨ ᠲᠠᠯᠠᠪᠤᠷ ᠭᠠᠵᠠᠷ᠎ᠤᠨ ᠲᠣᠭᠣᠷᠢᠨ ᠦᠵᠡᠵᠦ ᠵᠢᠭᠤᠯᠴᠢᠯᠠᠬᠤ ᠰᠠᠨᠠᠭᠤᠯᠤᠮᠵᠢ ᠵᠢ ᠵᠢᠷᠤᠮᠯᠠᠨ᠂ ᠠᠮᠢ ᠠᠬᠤᠶ ᠣᠷᠴᠢᠨ ᠲᠣᠭᠣᠷᠢᠨ᠎ᠢ ᠬᠠᠮᠠᠭ᠋ᠠᠯᠠᠵᠤ᠂ ᠲᠡᠦᠬᠡ ᠵᠢᠨ ᠳᠤᠷᠠᠰᠬᠠᠯᠲᠤ ᠵᠦᠢᠯᠡᠰ ᠡᠷᠲᠡᠨ᠎ᠤ ᠦᠯᠡᠳᠡᠭᠳᠡᠯ᠎ᠢ ᠬᠠᠶ᠋ᠢᠷᠠᠯᠠᠨ ᠬᠠᠮᠠᠭ᠋ᠠᠯᠠᠵᠤ᠂ ᠣᠯᠠᠨ ᠨᠡᠶ᠋ᠢᠲᠡ ᠵᠢᠨ ᠲᠤᠨᠤᠭ ᠲᠦᠬᠦᠭᠡᠷᠦᠮᠵᠢ ᠵᠢ ᠬᠠᠶ᠋ᠢᠷᠠᠯᠠᠬᠤ ᠬᠡᠷᠡᠭᠲᠡᠶ᠃ ᠪᠤᠰᠤᠳ᠎ᠤᠨ ᠡᠷᠬᠡ ᠠᠰᠢᠭ᠎ᠢ ᠬᠦᠨᠳᠦᠳᠬᠡᠵᠦ᠂ ᠵᠠᠭᠤᠷᠠᠯᠳᠤᠭ᠋ᠠᠨ ᠡᠬᠦᠰᠪᠡᠯ ᠤᠶᠤᠨᠴᠢ᠎ᠪᠠᠷ ᠵᠤᠬᠢᠰᠲᠠᠢ ᠰᠢᠢ᠍ᠳᠪᠦᠷᠢᠯᠡᠬᠦ ᠬᠡᠷᠡᠭᠳᠡᠢ᠃ ᠠᠷᠪᠢᠳᠠᠢ ᠬᠤᠭᠤᠯᠠᠯᠠᠬᠤ ᠵᠢ ᠤᠬᠠᠮᠰᠠᠷ᠎ᠠᠴᠠ᠎ᠪᠠᠨ ᠦᠢᠯᠡᠳᠦᠯᠭᠡᠵᠢᠭᠦᠯᠵᠦ᠂ ᠣᠷᠴᠢᠨ ᠲᠣᠭᠣᠷᠢᠨ᠎ᠢ ᠬᠠᠮᠠᠭ᠋ᠠᠯᠠᠵᠤ ᠠᠷᠪᠢᠯᠠᠨ ᠭᠠᠮᠨᠠᠬᠤ᠂ ᠪᠣᠬᠢᠷᠲᠤᠯ ᠥᠬᠡᠶ ᠵᠢᠭᠤᠯᠴᠢᠯᠠᠬᠤ ᠵᠢ ᠪᠡᠶᠡᠯᠡᠭᠦᠯᠬᠦ ᠬᠡᠷᠡᠭᠳᠡᠢ᠃